︵ᠰᠤᠷᠪᠤᠯᠵᠢᠯᠠᠭᠴᠢ ᠡᠦ ᠽᠢ ᠰᠢᠤᠸᠠᠨ ᠴᠢᠮᠡᠭᠡᠯᠡᠭᠴᠢ ᠰᠦᠨ ᠴᠢ ᠵᠣᠣ ᠱᠠᠨ ᠳ᠋ᠠᠨ︶ ᠬᠥᠬᠡᠬᠤᠲᠠ ᠶᠢᠨ ᠲᠦᠷᠦᠭᠦᠦ ᠭᠤᠷᠪᠠᠨ ᠤᠯᠠᠷᠢᠯ ᠤᠨ | ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ 435 ᠵᠦᠢᠯ᠂ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ ᠨᠢ 18.05 ᠳ᠋ᠦᠩᠰᠢᠭᠤᠷ ᠲᠥᠭᠦᠷᠢᠭ ᠪᠠᠢᠵᠤ᠂ | ᠪᠦᠬᠦ ᠣᠷᠣᠨ ᠳᠤ ᠲᠡᠷᠢᠭᠦᠯᠡᠵᠦ᠂ ᠳᠠᠩᠰᠠᠯᠠᠭᠤᠯᠤᠭᠰᠠᠨ ᠮᠡᠷᠭᠡᠵᠢᠯ ᠤᠨ ᠭᠡᠷ᠎ᠡ ᠨᠢ ᠠᠳᠠᠯᠢ ᠬᠤᠭᠤᠴᠠᠭᠠᠨ ᠤ ᠬᠢ ᠠᠴᠠ 4.57% ᠨᠡᠮᠡᠭᠳᠡᠵᠦ᠂ ᠭᠡᠷ᠎ᠡ ᠶᠢᠨ | ᠠᠷᠠᠯᠵᠢᠶ᠎ᠠ ᠪᠦᠲᠦᠭᠰᠡᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 104.90% ᠪᠠᠷ ᠨᠡᠮᠡᠭᠳᠡᠵᠦ᠂ ᠶᠠᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ︽ᠲᠦᠷᠭᠡᠨ ᠵᠠᠮ︾ ᠳᠤ ᠣᠷᠣᠵᠤ ᠪᠠᠢᠨ᠎ᠠ᠃ ᠣᠲᠣ ᠪᠣᠯᠲᠠᠯ᠎ᠠ᠂ ᠪᠥᠬᠦ ᠬᠤᠲᠠ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ | ᠲᠠᠰ ᠤᠨ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ 37᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠤᠨ ᠠᠵᠢᠯᠯᠠᠬᠤ ᠥᠷᠲᠡᠭᠡ 32 ᠪᠠᠶᠢᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠦᠷ᠎ᠡ ᠪᠦᠲᠦᠭᠡᠯ ᠢ ᠤᠯᠠᠷᠢᠭᠤᠯᠤᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠰᠢᠷᠢᠰ ᠪᠣᠯᠪᠠᠰᠤᠷᠠᠯ ᠡᠷᠭᠢᠯᠡᠵᠦ᠂ ᠨᠡᠶᠢᠲᠡ 800 ᠰᠢᠬᠠᠮ ᠠᠵᠤ ᠠᠬᠤᠶᠢᠯᠠᠯ ᠳᠤ | ᠪᠤᠯᠪᠠᠰᠤᠷᠠᠯ ᠬᠦᠷᠲᠡᠭᠡᠵᠦ᠂ 1400 ᠭᠠᠷᠤᠶ ᠮᠡᠷᠭᠡᠵᠢᠯ ᠤᠨ ᠵᠠᠭᠤᠴᠢᠯᠠᠭᠴᠢ ᠶᠢ ᠬᠥᠮᠦᠵᠢᠭᠦᠯᠪᠡ᠃ |