︵ᠰᠤᠷᠪᠤᠯᠵᠢᠯᠠᠭᠴᠢ ᠶᠦᠨ ᠶᠠᠨ ᠹᠠᠩ︶ ᠤᠶᠢᠷ᠎ᠠ ᠶᠢᠨ ᠵᠢᠯ ᠠᠴᠠ ᠨᠠᠭᠠᠰᠢ᠂ ᠬᠥᠬᠡᠬᠤᠲᠠ ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ ᠪᠦᠷᠢᠨ ᠪᠦᠲᠦᠨ ᠵᠥᠪ | ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠵᠤ ᠦᠢᠯᠡᠰ ᠤᠨ ᠳᠠᠪᠠᠭᠤᠯᠢᠭ᠂ ᠰᠢᠨ᠎ᠡ ᠶᠢ ᠡᠭᠦᠳᠬᠦ ᠳᠠᠪᠠᠭᠤᠯᠢᠭ᠂ ᠠᠭᠤᠷ ᠠᠮᠢᠰᠬᠤᠯ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠭᠡᠮᠨᠡᠷᠡᠯ ᠢ ᠪᠤᠶᠢᠵᠢᠭᠤᠯᠬᠤ ᠪᠠᠷ ᠭᠤᠣᠯ | ᠭᠠᠷᠳᠠᠴᠠ ᠪᠣᠯᠭᠠᠵᠤ᠂ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠤᠷᠤᠨ ᠤ | ᠲᠥᠪ ᠬᠤᠲᠠ ᠶᠢᠨ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠭᠰᠡᠨ ᠪᠠᠢᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠲᠦᠷᠭᠡᠳᠭᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 20.3 ᠲᠦᠮᠡᠨ ᠮᠦ | ᠪᠦᠲᠦᠭᠡᠨ ᠪᠠᠶᠢᠭᠤᠯᠵᠤ᠂ ᠶᠡᠷᠦᠩᠬᠡᠶ ᠬᠡᠮᠵᠢᠶ᠎ᠡ ᠶᠢᠨ 82% ᠢ ᠪᠡᠶᠡᠯᠡᠭᠦᠯᠵᠡᠢ᠃ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ ᠳᠤ ᠬᠤᠵᠢᠷᠯᠢᠭ ᠭᠠᠵᠠᠷ ᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ 50 ᠲᠦᠮᠡᠨ ᠮᠥ ᠨᠥᠭᠡᠴᠡᠯᠡᠵᠦ᠂ 7.2 ᠲᠦᠮᠡᠨ ᠮᠥ ᠶᠢ ᠪᠡᠶᠡᠯᠡᠭᠦᠯᠪᠡ᠃ ᠲᠦᠮᠡᠳ ᠵᠡᠭᠦᠨ ᠬᠤᠰᠢᠭᠤᠨ ᠤ ᠠᠯᠳᠠᠨ᠂ ᠴᠢᠩ ᠱᠦᠶ | ᠾᠧ ᠰᠢᠶᠠᠨ ᠤ ᠵᠥᠩ ᠴᠢᠩ᠂ ᠰᠠᠶᠢᠬᠠᠨ ᠲᠣᠭᠤᠷᠢᠭ ᠤᠨ ᠵᠢᠶᠠ ᠱᠢ ᠵᠡᠷᠭᠡ ᠪᠡᠯᠡᠳᠬᠡᠮᠵᠢᠲᠦ ᠲᠠᠷᠢᠶᠠᠯᠠᠩ 9796 ᠮᠥ ᠶᠢ ᠰᠢᠨ᠎ᠡ ᠪᠠᠷ ᠪᠠᠶᠢᠭᠤᠯᠵᠤ᠂ 2296 ᠮᠥ ᠶᠢ | ᠥᠭᠡᠷᠡᠴᠢᠯᠡᠨ ᠳᠡᠭᠡᠭᠰᠢᠯᠡᠭᠦᠯᠵᠦ᠂ 8363 ᠮᠥ ᠵᠠᠳᠠᠭᠠᠶ ᠢᠳᠡᠰᠢᠨ ᠨᠣᠭᠤᠭ᠎ᠠ ᠶᠢᠨ ᠭᠠᠵᠠᠷ ᠢ ᠰᠢᠨ᠎ᠡ ᠪᠠᠷ ᠪᠠᠶᠢᠭᠤᠯᠪᠠ᠃ 3000 ᠲᠣᠯᠣᠭᠠᠶ ᠠᠴᠠ ᠳᠡᠭᠡᠭᠰᠢ ᠬᠡᠪᠴᠢᠶ᠎ᠡ ᠲᠠᠢ | ᠢᠳᠡᠰᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠶ ᠶᠢ 6 ᠪᠠᠶᠢᠭᠤᠯᠵᠤ᠂ ᠲᠥᠯᠥᠪᠯᠡᠭᠰᠡᠨ ᠬᠡᠮᠵᠢᠶ᠎ᠡ ᠨᠢ 23 ᠲᠦᠮᠡᠨ ᠲᠣᠯᠣᠭᠠᠶ ᠪᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠪᠥᠬᠦ ᠬᠤᠲᠠ ᠶᠢᠨ ᠰᠠᠭᠠᠯᠢ ᠶᠢᠨ ᠦᠨᠢᠶ᠎ᠡ ᠶᠢᠨ | ᠲᠤᠭ᠎ᠠ 39 ᠲᠦᠮᠡ᠂ ᠢᠳᠡᠰᠢᠨ ᠬᠤᠨᠢᠨ ᠤ ᠲᠤᠭ᠎ᠠ 300 ᠲᠦᠮᠡ ᠶᠢ ᠳᠠᠪᠠᠵᠤ᠂ ᠠᠮᠢᠳᠤ ᠭᠠᠭ᠋ᠠᠢ 50 ᠲᠦᠮᠡ᠂ ᠪᠣᠷᠳᠣᠨ ᠲᠠᠷᠭᠤᠯᠠᠭᠤᠯᠤᠭᠰᠠᠨ ᠦᠬᠡᠷ 2.1 ᠲᠦᠮᠡ | ᠭᠠᠷᠭᠠᠵᠤ᠂ ᠮᠢᠬᠠᠨ ᠤ ᠲᠦᠷᠦᠯ ᠤᠨ ᠭᠠᠷᠤᠯᠲᠠ 9 ᠲᠦᠮᠡᠨ ᠲᠣᠨ ᠳᠤ ᠬᠦᠷᠪᠡ᠃ ᠬᠥᠬᠡ ᠳᠠᠷᠤᠰᠢ ᠶᠢᠨ ᠡᠷᠳᠡᠨᠢ ᠰᠢᠰᠢ 122.6 ᠲᠦᠮᠡᠨ ᠮᠥ᠂ ᠴᠠᠷᠭᠠᠰᠤ 20.3 ᠲᠦᠮᠡᠨ ᠮᠥ᠂ | ᠨᠣᠬᠠᠶ ᠶᠢᠨ ᠬᠤᠰᠢᠭᠤ 18.1 ᠲᠦᠮᠡᠨ ᠮᠥ ᠳᠠᠷᠢᠬᠤ ᠶᠢ ᠪᠡᠶᠡᠯᠡᠭᠦᠯᠪᠡ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠲᠠᠰᠤᠷᠠᠯᠲᠠ ᠦᠭᠡᠢ ᠴᠢᠩᠭᠠᠷᠠᠪᠠ᠃ ᠴᠡᠯᠡᠭᠡᠷ ᠲᠠᠯ᠎ᠠ ᠣᠯᠠᠨ ᠤᠯᠤᠰ ᠤᠨ ᠡᠪᠡᠰᠦᠨ ᠤ | ᠦᠢᠯᠡᠰ ᠤᠨ ᠶᠡᠭᠡ ᠬᠤᠷᠠᠯ᠂ ᠴᠡᠯᠡᠭᠡᠷ ᠲᠠᠯ᠎ᠠ ᠣᠯᠠᠨ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ ᠤᠯᠤᠰ ᠤᠨ ᠠᠮᠢᠳᠤ | ᠭᠠᠭ᠋ᠠᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠳᠠᠬᠢ ᠬᠤᠪᠢᠶᠠᠷᠢ ᠲᠥᠪ ᠮᠠᠨ ᠤ ᠬᠤᠲᠠ ᠳᠤ ᠫᠠᠶᠢᠰᠠ ᠰᠡᠬᠦᠪᠡ᠃ ᠤᠯᠤᠰ ᠤᠨ ᠲᠠᠰ ᠤᠨ ᠡᠭᠦᠯᠳᠡᠷ | ᠪᠤᠶᠢᠵᠢᠭᠤᠯᠬᠤ ᠭᠤᠤᠯ ᠲᠠᠯᠠᠪᠠᠶ ᠶᠢ 2 ᠰᠢᠨ᠎ᠡ ᠪᠠᠷ ᠡᠭᠦᠳᠦᠨ ᠪᠠᠶᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 16 | ᠡᠭᠦᠳᠦᠨ ᠪᠠᠶᠢᠭᠤᠯᠪᠠ᠃ ᠤᠯᠠᠨ ᠵᠦᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠵᠦ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠨ ᠵᠢᠴᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠪᠠ᠃ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠤᠯᠠᠮ ᠨᠢᠭᠡ ᠠᠯᠬᠤᠮ ᠬᠥᠭᠵᠢᠪᠡ᠃ ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠬᠤ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠲᠠᠷᠢᠶᠠᠴᠢᠳ ᠢ ᠬᠥᠲᠥᠯᠦᠨ ᠵᠢᠯᠣᠭᠤᠳᠴᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠴᠢᠬᠤᠯᠠ ᠶᠡᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠯᠥᠰᠥᠨ ᠠᠵᠢᠯᠴᠢᠨ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠤᠨ ᠴᠠᠯᠢᠩ ᠢ | 2300 ᠲᠦᠮᠡᠨ ᠲᠥᠭᠦᠷᠢᠭ ᠣᠯᠭᠤᠪᠠ᠃ ᠡᠯ᠎ᠡ ᠲᠦᠷᠦᠯ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 67 ᠰᠢᠨ᠎ᠡ ᠪᠠᠷ ᠨᠡᠮᠡᠭᠳᠡᠭᠦᠯᠵᠦ᠂ | ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠢ ᠶᠢ 182 ᠲᠦᠮᠡᠨ ᠮᠦ ᠪᠡᠶᠡᠯᠡᠭᠦᠯᠪᠡ᠃ | ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠪᠦᠲᠦᠮᠵᠢᠲᠡᠢ ᠴᠢᠩᠭᠠᠳᠬᠠᠪᠠ᠃ ᠲᠠᠷᠢᠶᠠᠯᠠᠩ ᠤᠨ ᠤᠰᠤ ᠠᠷᠪᠢᠯᠠᠬᠤ ᠶᠢ ᠢᠳᠡᠪᠬᠢᠲᠡᠢ | ᠠᠬᠢᠭᠤᠯᠵᠤ᠂ ᠪᠠᠷᠢᠯᠭ᠎ᠠ ᠶᠢᠨ ᠤᠰᠤ ᠠᠷᠪᠢᠯᠠᠬᠤ ᠶᠢ 9.6 ᠲᠦᠮᠡᠨ ᠮᠦ᠂ ᠲᠠᠷᠢᠶᠠᠯᠠᠩ ᠤᠨ ᠮᠡᠷᠭᠡᠵᠢᠯ ᠤᠨ ᠤᠰᠤ ᠠᠷᠪᠢᠯᠠᠬᠤ ᠶᠢ ᠳᠡᠯᠭᠡᠷᠡᠭᠦᠯᠬᠦ ᠲᠠᠯᠠᠪᠠᠢ ᠶᠢ 5 ᠲᠦᠮᠡᠨ ᠮᠦ᠂ ᠭᠠᠩ | ᠬᠠᠭᠰᠠᠷᠠᠭᠠᠨ ᠲᠠᠢ ᠲᠡᠮᠡᠴᠡᠬᠦ ᠲᠥᠷᠥᠯ ᠵᠦᠢᠯ ᠤᠨ ᠬᠡᠷᠡᠭᠯᠡᠯᠲᠡ ᠶᠢ 5 ᠲᠦᠮᠡᠨ ᠮᠦ᠂ ᠪᠦᠲᠦᠴᠡ ᠶᠢᠨ ᠤᠰᠤ ᠠᠷᠪᠢᠯᠠᠬᠤ ᠶᠢ ᠳᠡᠯᠭᠡᠷᠡᠭᠦᠯᠬᠦ ᠲᠠᠯᠠᠪᠠᠢ ᠶᠢ 1 ᠲᠦᠮᠡᠨ ᠮᠦ᠂ | ᠲᠣᠭᠲᠠᠴᠠ ᠶᠢᠨ ᠤᠰᠤ ᠠᠷᠪᠢᠯᠠᠬᠤ ᠶᠢ ᠳᠡᠯᠭᠡᠷᠡᠭᠦᠯᠬᠦ ᠲᠠᠯᠠᠪᠠᠢ ᠶᠢ 25 ᠲᠦᠮᠡᠨ ᠮᠦ ᠪᠡᠶᠡᠯᠡᠭᠦᠯᠪᠡ᠃ ᠬᠢᠮᠢ ᠶᠢᠨ ᠪᠤᠷᠳᠤᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ | ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠨ ᠵᠠᠰᠠᠬᠤ ᠲᠠᠯᠠᠪᠠᠢ ᠶᠢ 306.02 ᠲᠦᠮᠡᠨ ᠮᠦ᠂ ᠲᠠᠷᠢᠶᠠᠨ | ᠡᠮ ᠤᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠲᠠᠯᠠᠪᠠᠢ ᠶᠢ 317.7 ᠲᠦᠮᠡᠨ ᠮᠦ ᠪᠡᠶᠡᠯᠡᠭᠦᠯᠵᠦ᠂ ᠬᠥᠷᠥᠰᠥ ᠰᠢᠷᠣᠢ ᠶᠢ ᠬᠡᠮᠵᠢᠨ ᠪᠤᠷᠳᠤᠭᠤᠷ ᠣᠷᠣᠭᠤᠯᠬᠤ ᠮᠡᠷᠭᠡᠵᠢᠯ ᠤᠨ | ᠪᠦᠷᠬᠦᠴᠡ ᠶᠢᠨ ᠨᠤᠷᠮ᠎ᠠ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠴᠥᠮ 90% ᠶᠢ ᠳᠠᠪᠠᠭᠰᠠᠨ ᠪᠠᠶᠢᠨ᠎ᠠ᠃ | |