︽ᠠᠷᠪᠠᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠢᠯᠡᠳᠲᠡ ᠦᠷ᠎ᠡ ᠪᠦᠲᠦᠮᠵᠢ ᠣᠯᠵᠠᠢ
ᠨᠡᠶᠢᠲᠡᠯᠡᠭᠰᠡᠨ ᠴᠠᠭ᠄
2024/10/15
      2024 ᠣᠨ ᠠᠴᠠ ᠨᠠᠭᠠᠰᠢ᠂ ᠭᠦᠭᠡᠬᠤᠲᠠ ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ᠂ ᠰᠤᠷᠭᠠᠭᠤᠯᠢ ᠳᠤ ᠠᠵᠢᠯ ᠤᠨ ᠪᠠᠶᠢᠷᠢ ᠬᠦᠷᠭᠡᠬᠦ᠂ ᠦᠢᠯᠡᠰ ᠪᠣᠰᠬᠠᠬᠤ ᠳᠤ ᠬᠠᠪᠰᠤᠷᠤᠨ ᠲᠤᠰᠠᠯᠠᠬᠤ ᠵᠡᠷᠭᠡ ᠨᠠᠢᠮᠠᠨ ᠶᠡᠭᠡ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠣᠶᠤᠲᠠᠳ ᠤᠨ ᠭᠦᠭᠡᠬᠤᠲᠠ ᠳᠤ ᠦᠯᠡᠳᠡᠵᠦ ᠠᠵᠢᠯ ᠣᠯᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ 8 ᠰᠠᠷ᠎ᠠ ᠶᠢᠨ ᠰᠡᠭᠦᠯᠴᠢ ᠪᠤᠯᠲᠠᠯ᠎ᠠ ᠭᠦᠭᠡᠬᠤᠲᠠ 4.12 ᠲᠦᠮᠡᠨ ᠣᠶᠤᠲᠠᠨ ᠢ ᠦᠯᠡᠳᠡᠭᠡᠨ ᠠᠵᠢᠯ ᠣᠯᠭᠤᠵᠤ ᠦᠢᠯᠡᠰ ᠪᠣᠰᠬᠠᠭᠤᠯᠪᠠ᠃      ᠣᠶᠢᠯᠠᠭᠠᠭᠰᠠᠨ ᠢᠶᠠᠷ᠂ ᠭᠦᠭᠡᠬᠤᠲᠠ ᠥᠨᠳᠥᠷ ᠲᠦᠪᠰᠢᠨ ᠪᠦᠬᠦᠢ ᠣᠯᠠᠨ ᠨᠡᠶᠢᠲᠡ ᠶᠢᠨ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠪᠠᠶᠢᠭᠤᠯᠵᠤ᠂ ᠭᠦᠭᠡᠬᠤᠲᠠ ᠶᠢᠨ ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ ᠦᠵᠡᠭᠦᠯᠭᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠬᠦᠴᠦᠲᠡᠢ ᠠᠵᠠ ᠲᠣᠭᠢᠶᠠᠯ ᠢ ᠠᠰᠢᠭᠯᠠᠨ᠂ ᠶᠢᠨ ᠴᠢᠶᠣᠤ ᠶᠢᠨ ︽ᠬᠤᠣᠰ ᠡᠭᠦᠳᠦᠯᠲᠡ︾ ᠶᠢᠨ ᠵᠢᠱᠢᠶ᠎ᠡ ᠦᠵᠡᠭᠦᠯᠭᠦ ᠲᠣᠭᠤᠷᠢᠭ ᠲᠤ ︽ᠭᠤᠣᠯᠲᠤ ᠪᠣᠷᠣ︾ ᠣᠶᠤᠲᠠᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠵᠢᠱᠢᠶ᠎ᠡ ᠦᠵᠡᠭᠦᠯᠭᠦ ᠰᠠᠭᠤᠷᠢᠨ ᠢ ᠪᠠᠶᠢᠭᠤᠯᠪᠠ; ᠬᠤᠷᠢᠨᠭᠡᠷ ᠰᠢᠨ᠎ᠡ ᠲᠣᠭᠤᠷᠢᠭ ᠲᠤ ᠲᠣᠭᠠᠴᠢᠯᠠᠭᠰᠠᠨ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠪᠣᠳᠠᠲᠠᠢ ᠪᠣᠯᠪᠠᠰᠤᠷᠠᠯ ᠤᠨ ᠰᠠᠭᠤᠷᠢᠨ ᠢ ᠪᠠᠶᠢᠭᠤᠯᠵᠠᠢ; ᠪᠦᠭᠦ ᠣᠷᠣᠨ ᠤ ᠠᠩᠬᠠᠳᠠᠭᠴᠢ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠪᠠ ᠴᠢᠳᠠᠪᠤᠷᠢᠲᠠᠨ ᠢ ᠳᠠᠳᠠᠨ ᠠᠪᠴᠢᠷᠠᠬᠤ ᠶᠢ ᠠᠭᠢᠭᠤᠯᠪᠠ;1 ᠰᠠᠷ᠎ᠠ ᠠᠴᠠ 8 ᠰᠠᠷ᠎ᠠ ᠪᠤᠯᠲᠠᠯ᠎ᠠ ᠬᠤᠲᠠ᠂ ᠲᠣᠭᠤᠷᠢᠭ ᠬᠤᠶᠠᠷ ᠱᠠᠲᠤᠨ ᠤ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠠ  ᠪᠣᠳᠠᠲᠤ ᠴᠣᠭᠴᠠ ᠶᠢᠨ ᠤᠷᠢᠵᠤ ᠡᠯᠰᠡᠬᠦ ᠵᠥᠪᠳᠡᠯᠴᠡᠭᠡᠨ ᠤ ᠠᠵᠢᠯᠯᠠᠭ᠎ᠠ ᠶᠢ ᠨᠡᠶᠢᠲᠡ 116 ᠤᠳᠠᠭ᠎ᠠ ᠡᠷᠭᠢᠯᠡᠵᠦ᠂ 16.65 ᠲᠦᠮᠡᠨ ᠠᠵᠢᠯ ᠤᠨ ᠪᠠᠶᠢᠷᠢ ᠬᠠᠩᠭᠠᠵᠤ᠂ 4.92 ᠲᠦᠮᠡᠨ ᠬᠥᠮᠥᠨ ᠤᠳᠠᠭ᠎ᠠ ᠲᠠᠢ ᠠᠵᠢᠯ ᠣᠯᠭᠤᠬᠤ ᠰᠠᠨᠠᠮᠵᠢ ᠲᠣᠬᠲᠠᠵᠠᠢ; ᠤᠷᠢᠳ ᠬᠤᠵᠢᠳ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ 34 ᠤᠳᠠᠭ᠎ᠠ ᠥᠷᠨᠢᠭᠦᠯᠵᠦ᠂ 611 ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠶᠡᠭᠡ ᠳᠡᠭᠡᠳᠦ ᠰᠤᠷᠭᠠᠭᠤᠯᠢ ᠳᠤ ᠤᠷᠢᠨ ᠡᠯᠰᠡᠬᠦ ᠴᠤᠭᠯᠠᠭᠠᠨ ᠡᠷᠭᠢᠯᠡᠵᠤ᠂ 2.12 ᠲᠦᠮᠡᠨ ᠠᠵᠢᠯ ᠤᠨ ᠪᠠᠶᠢᠷᠢ ᠬᠠᠩᠭᠠᠪᠠ᠃      ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ 4 ᠶᠡᠭᠡ ᠳᠡᠭᠡᠳᠦ ᠰᠤᠷᠭᠠᠭᠤᠯᠢ ᠲᠠᠢ ᠬᠠᠮᠲᠤᠷᠠᠨ᠂ ᠰᠤᠷᠭᠠᠭᠤᠯᠢ ᠶᠢᠨ ᠬᠦᠷᠢᠶᠡᠨ ᠳᠤ ᠣᠶᠤᠲᠠᠳ ᠤᠨ ᠭᠦᠭᠡᠬᠤᠲᠠ ᠳᠤ ᠦᠯᠡᠳᠡᠵᠦ ᠠᠵᠢᠯ ᠣᠯᠬᠤ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ 27 ᠵᠤᠷᠪᠤᠰ ᠨᠠᠶᠢᠷᠠᠭᠤᠯᠤᠨ ᠵᠣᠬᠢᠶᠠᠵᠤ᠂ ︽ᠲᠥᠷᠥ ᠶᠢᠨ ᠪᠣᠳᠣᠯᠭ᠎ᠠ ᠬᠦᠷᠭᠡᠬᠦ᠂ ᠠᠵᠢᠯ ᠤᠨ ᠪᠠᠶᠢᠷᠢ ᠬᠦᠷᠭᠡᠬᠦ᠂ ᠪᠣᠯᠪᠠᠰᠤᠷᠠᠯ ᠬᠦᠷᠭᠡᠬᠦ᠂ ᠦᠢᠯᠡᠴᠢᠯᠡᠭᠡ ᠬᠦᠷᠭᠡᠬᠦ︾ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠭᠦᠭᠡᠬᠤᠲᠠ ᠶᠢᠨ ︽ᠠᠷᠪᠠᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃      ︽ᠭᠦᠭᠡᠬᠤᠳᠠ 2022 ᠣᠨ ᠳᠤ ︿ᠠᠷᠪᠠᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ﹀ ᠢ ᠡᠬᠢᠯᠡᠭᠦᠯᠦᠭᠰᠡᠨ ᠠᠴᠠ ᠨᠠᠭᠠᠰᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︿ᠬᠥᠮᠥᠨ ᠤ ᠬᠦᠴᠦ ᠶᠢ ᠭᠦᠭᠡᠬᠤᠲᠠ ᠳᠤ ᠣᠷᠣᠭᠤᠯᠤᠨ᠂ ᠴᠢᠳᠠᠪᠤᠷᠢᠲᠠᠨ ᠢ ᠴᠤᠭᠯᠠᠷᠠᠭᠤᠯᠤᠨ ᠦᠢᠯᠡᠰ ᠢ ᠬᠥᠭᠵᠢᠭᠦᠯᠬᠦ﹀ ᠪᠠᠷ ᠤᠳᠤᠷᠢᠳᠤᠮᠵᠢ ᠪᠤᠯᠭᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠦᠷᠲᠡᠭᠡᠬᠦ᠂ ᠲᠠᠪᠴᠠᠩ ᠪᠠᠶᠢᠭᠤᠯᠬᠤ᠂ ᠦᠢᠯᠡᠴᠢᠯᠡᠭᠡ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠣᠶᠤᠲᠠᠳ ᠤᠨ ᠭᠦᠭᠡᠬᠤᠲᠠ ᠳᠤ ᠦᠯᠡᠳᠡᠵᠦ ᠠᠵᠢᠯ ᠣᠯᠬᠤ ᠦᠢᠯᠡᠰ ᠪᠣᠰᠬᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ︾ ᠭᠡᠵᠦ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠶᠢ ᠠᠬᠢᠭᠤᠯᠬᠤ ᠰᠠᠯᠠᠭᠠᠨ ᠤ ᠳᠠᠷᠤᠭ᠎ᠠ ᠶᠠᠩ ᠵᠠᠨ ᠰᠢᠶᠦ᠋ᠩ ᠲᠠᠨᠢᠯᠴᠠᠭᠤᠯᠪᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ