︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠰᠧ ᠮᠦᠸᠧ︶ 1 — 9 ᠳ᠋ᠦ᠋ᠭᠡᠷ ᠰᠠᠷ᠎ᠠ ᠳᠤ᠂ ᠣᠷᠣᠨ ᠤ ᠲᠥᠪ ᠬᠤᠲᠠ ᠶᠢᠨ | ᠡᠳ᠋ ᠤᠨ ᠵᠠᠰᠠᠭ ᠠᠴᠠ ᠪᠥᠬᠦ ᠬᠤᠲᠠ ᠶᠢᠨ 65517 ᠨᠡᠷᠡᠰ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ 5091.21 ᠲᠦᠮᠡᠨ ᠲᠥᠭᠦᠷᠢᠭ ᠤᠨ | ᠥᠨᠳᠥᠷ ᠨᠠᠰᠤᠨ ᠤ ᠨᠥᠬᠦᠪᠥᠷᠢ ᠣᠯᠭᠤᠪᠠ︔ 54309 ᠨᠡᠷᠡᠰ ᠠᠵᠤ ᠠᠬᠤᠶ ᠬᠦᠴᠢᠷᠳᠡᠯᠲᠡᠶ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠨᠥᠬᠦᠪᠥᠷᠢ 2181.79 ᠲᠦᠮᠡᠨ ᠲᠥᠭᠦᠷᠢᠭ ᠣᠯᠭᠤᠪᠠ︔ 632.54 ᠲᠦᠮᠡᠨ ᠲᠥᠭᠦᠷᠢᠭ ᠣᠷᠣᠭᠤᠯᠵᠤ᠂ ᠪᠥᠬᠦ ᠬᠤᠲᠠ ᠶᠢᠨ | ᠪᠦᠬᠦᠯᠢ 60 ᠨᠠᠰᠤᠨ ᠤ ᠨᠠᠰᠤᠲᠠᠶᠢᠴᠤᠳ ᠢ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠳᠤ ᠣᠷᠣᠯᠴᠠᠭᠤᠯᠵᠤ᠂ ᠨᠠᠰᠤᠲᠠᠶᠢᠴᠤᠳ ᠤᠨ ︽ᠨᠠᠰᠤᠵᠢᠯ ᠤᠨ | ᠠᠰᠠᠷᠠᠮᠵᠢ ᠵᠣᠭᠤᠰ ᠪᠠᠶᠢᠬᠤ︾ ᠬᠡᠷᠡᠭᠴᠡᠭᠡ ᠶᠢ ᠬᠦᠴᠦᠯᠡᠨ ᠬᠠᠩᠭᠠᠪᠠ᠃ | 2024 ᠤᠨ ᠳᠤ᠂ ᠬᠤᠲᠠ ᠶᠢᠨ ᠲᠣᠰ ᠱᠠᠲᠤᠨ ᠤ ᠲᠥᠰᠦᠪ ᠲᠤ ᠵᠠᠰᠠᠭ ᠤᠨ ᠣᠷᠳᠣᠨ ᠠᠴᠠ ᠭᠡᠷ ᠪᠥᠯᠢ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠮᠥᠩᠭᠦ ᠶᠢ 3000 ᠲᠦᠮᠡᠨ ᠲᠥᠭᠦᠷᠢᠭ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠣᠷᠣ ᠶᠢᠨ ᠡᠵᠡᠩᠨᠡᠯᠲᠡ ᠶᠢᠨ ᠨᠥᠬᠦᠪᠥᠷᠢ ᠶᠢ 202.82 ᠲᠦᠮᠡᠨ ᠲᠥᠭᠦᠷᠢᠭ ᠲᠣᠬᠢᠷᠠᠭᠤᠯᠵᠤ᠂ ᠪᠥᠬᠦ ᠬᠤᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠵᠢᠯ ᠢ ᠪᠥᠬᠦ ᠲᠠᠯ᠎ᠠ ᠪᠠᠷ ᠳᠡᠮᠵᠢᠨ ᠠᠬᠢᠭᠤᠯᠵᠤ᠂ ᠨᠡᠶᠢᠲᠡ 340 ᠭᠡᠷ | ᠪᠥᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠪᠠ᠂ ᠡᠭᠦᠨ ᠳᠤ᠂ ᠬᠤᠲᠠ ᠶᠢᠨ ᠲᠠᠰ ᠤᠨ | ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠥᠪ 1᠂ ᠬᠤᠰᠢᠭᠤ ᠰᠢᠶᠠᠨ ᠲᠣᠭᠤᠷᠢᠭ ᠤᠨ ᠲᠠᠰ ᠤᠨ ᠵᠢᠱᠢᠶ᠎ᠡ ᠦᠵᠡᠭᠦᠯᠬᠦ ᠲᠥᠪ 4᠂ ᠵᠡᠭᠡᠯᠢ | ᠭᠤᠳᠤᠮᠵᠢ ᠶᠢᠨ ᠲᠠᠰ ᠤᠨ ᠬᠡᠷ ᠪᠥᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ 31᠂ ᠵᠡᠭᠡᠯᠢ | ᠭᠤᠳᠤᠮᠵᠢ ᠶᠢᠨ ᠲᠠᠰ ᠤᠨ ᠬᠡᠷ ᠪᠥᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢᠨ ᠨᠣᠷᠮ᠎ᠠ | 100% ᠳᠤ ᠬᠦᠷᠴᠦ᠂ ᠨᠡᠶᠢᠭᠡᠮ ᠲᠣᠭᠤᠷᠢᠭ ᠤᠨ ᠲᠠᠰ ᠤᠨ ᠬᠡᠷ ᠪᠥᠯᠢ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ | 304᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ | 95.77% ᠳᠤ ᠬᠦᠷᠴᠦ᠂ ᠬᠤᠲᠠ ᠶᠢᠨ ᠲᠣᠭᠤᠷᠢᠭ ᠤᠨ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠴᠠᠭᠠᠷᠢᠭ ᠢ ᠦᠨᠳᠦᠰᠦᠨ ᠳᠤ ᠪᠠᠨ ᠪᠦᠷᠢᠯᠳᠦᠭᠦᠯᠪᠡ᠃ | 2024 ᠣᠨ ᠳᠤ 1 ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠪ᠂ 2 ᠰᠢᠶᠠᠩ | ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ᠂ 102 ᠲᠣᠰᠬᠤᠨ ᠤ ᠲᠠᠰ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ | ᠰᠢᠨ᠎ᠡ ᠪᠠᠷ ᠪᠠᠶᠢᠭᠤᠯᠵᠤ᠂ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠬᠥᠳᠡᠭᠡ ᠲᠣᠰᠬᠤᠨ ᠤ | ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ 46 ᠰᠠᠶᠢᠵᠢᠷᠠᠭᠤᠯᠤᠨ ᠥᠭᠡᠷᠡᠴᠢᠯᠡᠵᠦ᠂ ᠬᠥᠳᠡᠭᠡ ᠲᠣᠰᠬᠤᠨ ᠤ ᠨᠠᠰᠤᠲᠠᠶᠢᠴᠤᠳ ᠲᠤ ᠣᠷᠣᠨ | ᠰᠠᠭᠤᠴᠠ᠂ ᠬᠤᠭᠤᠯᠠ ᠤᠮᠳᠠ᠂ ᠡᠮᠨᠡᠯᠭᠡ ᠳᠤ ᠲᠤᠰᠠᠯᠠᠬᠤ᠂ ᠰᠡᠳᠬᠢᠴᠡ ᠶᠢᠨ ᠲᠠᠶᠢᠳᠬᠤᠷᠠᠭᠤᠯᠤᠯ ᠵᠡᠷᠭᠡ ᠦᠢᠯᠡᠴᠢᠯᠡᠭᠡ ᠬᠠᠩᠭᠠᠵᠤ᠂ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢᠨ ᠪᠦᠷᠬᠦᠴᠡ ᠶᠢᠨ ᠨᠣᠷᠮ᠎ᠠ ᠶᠢ 55% ᠠᠴᠠ ᠳᠡᠭᠡᠭᠰᠢ ᠳᠤ ᠬᠦᠷᠦᠭᠦᠯᠵᠦ᠂ ᠬᠥᠳᠡᠭᠡ ᠲᠣᠰᠬᠤᠨ ᠤ ᠨᠠᠰᠤᠲᠠᠶᠢᠴᠤᠳ ᠤᠨ | ᠬᠥᠮᠦᠨ ᠠᠮᠠ ᠶᠢᠨ 50% ᠠᠴᠠ ᠳᠡᠭᠡᠭᠰᠢ ᠳᠤ ᠨᠠᠰᠤᠵᠢᠯ ᠤᠨ ᠦᠢᠯᠡᠴᠢᠯᠡᠭᠡ ᠬᠠᠩᠭᠠᠵᠠᠢ᠃ | ᠪᠥᠬᠦ ᠬᠤᠲᠠ ᠶᠢᠨ 5 ᠬᠤᠰᠢᠭᠤ ᠰᠢᠶᠠᠨ ᠳᠤ ᠴᠥᠮ ᠰᠢᠶᠠᠨ ᠤ ᠲᠠᠰ ᠤᠨ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠪᠠᠶᠢᠭᠤᠯᠤᠮᠵᠢ ᠶᠢ 1 | ᠪᠠᠶᠢᠭᠤᠯᠵᠤ᠂ ᠨᠢᠭᠡᠨᠲᠡ 27 ᠰᠢᠶᠠᠩ ᠪᠠᠯᠭᠠᠰᠤᠨ ᠤ ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ 200 ᠲᠣᠰᠬᠤᠨ ᠤ ᠲᠠᠰ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ᠂ 23 ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ | ᠲᠠᠰ ᠳᠡᠪᠰᠢᠭᠦᠯᠦᠨ ᠥᠭᠡᠷᠡᠴᠢᠯᠡᠵᠦ᠂ ᠬᠤᠰᠢᠭᠤ ᠰᠢᠶᠠᠨ ᠤ ᠲᠠᠰ ᠤᠨ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ | ᠪᠠᠶᠢᠭᠤᠯᠤᠮᠵᠢ ᠪᠠᠷ ᠲᠥᠪ ᠪᠤᠯᠭᠠᠨ᠂ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢᠶᠠᠷ ᠰᠠᠴᠤᠷᠠᠭ ᠪᠤᠯᠭᠠᠨ᠂ ᠲᠣᠰᠬᠤᠨ ᠤ | ᠲᠠᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠪᠠᠷ ᠴᠡᠭ ᠪᠤᠯᠭᠠᠨ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ | ᠲᠤᠯᠭᠠᠭᠤᠷᠢᠯᠠᠯ ᠪᠣᠯᠭᠠᠭᠰᠠᠨ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠦᠨᠳᠦᠰᠦᠨ ᠳᠤ ᠪᠠᠨ ᠪᠣᠶ | ᠪᠣᠯᠭᠠᠵᠤ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠡᠵᠡᠩᠨᠡᠯᠲᠡ ᠶᠢᠨ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠴᠢᠨᠠᠷ ᠰᠠᠶᠢᠲᠠᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠲᠤᠯᠠᠵᠠᠢ᠃ |