ᠬᠥᠬᠡᠬᠤᠲᠠ ᠶᠢᠨ ᠲᠦᠷᠦᠭᠦᠤ ᠭᠤᠷᠪᠠᠨ ᠤᠯᠠᠷᠢᠯ ᠳᠤ ᠭᠠᠳᠠᠭᠠᠳᠤ ᠳᠤ ᠪᠡᠯᠡ ᠣᠷᠣᠭᠤᠯᠤᠭᠰᠠᠨ ᠪᠣᠳᠠᠲᠠᠶ ᠪᠠᠯᠠ ᠮᠥᠩᠭᠦ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2024/10/22
      ︵ᠰᠤᠷᠪᠤᠯᠵᠢᠯᠠᠭᠴᠢ ᠶᠦᠨ ᠶᠠᠨ ᠹᠠᠩ︶  ᠣᠢᠯᠠᠭᠠᠭᠰᠠᠨ ᠢᠶᠠᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠤᠬᠠᠢᠯᠠᠭᠰᠠᠨ ᠠᠵᠢᠯ ᠤᠨ ᠰᠢᠰᠲ᠋ᠧᠮ ᠤᠨ ᠨᠢᠭᠡᠳᠦᠯᠲᠡᠢ ᠲᠠᠪᠴᠠᠩ ᠤᠨ ᠭᠠᠳᠠᠭᠠᠳᠤ ᠭᠤᠪᠢᠭᠤᠯᠭ᠎ᠠ ᠶᠢᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠬᠥᠬᠡᠬᠤᠲᠠ ᠶᠢᠨ ᠭᠠᠳᠠᠭᠠᠳᠤ ᠳᠤ ᠪᠡᠯᠡ ᠣᠷᠣᠭᠤᠯᠤᠭᠰᠠᠨ ᠪᠣᠳᠠᠲᠠᠢ ᠪᠡᠯᠡ ᠮᠥᠩᠭᠦ 29.19 ᠳ᠋ᠦᠩᠰᠢᠭᠤᠷ ᠲᠥᠭᠦᠷᠢᠭ ᠬᠦᠷᠴᠦ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃      ᠣᠶᠢᠷ᠎ᠠ ᠶᠢᠨ ᠵᠢᠯ ᠳᠤ᠂ ᠬᠥᠬᠡᠬᠤᠲᠠ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ︽ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ᠂ ᠪᠠᠶᠢᠯᠳᠤᠬᠤ ᠪᠣᠳᠣᠯᠭ᠎ᠠ ᠪᠠᠷ ᠬᠥᠲᠥᠯᠦᠨ ᠳᠠᠭᠠᠭᠤᠯᠬᠤ᠂ ᠲᠦᠭᠰᠢᠭᠦᠷᠢ ᠶᠢ ᠡᠵᠡᠮᠳᠡᠬᠦ ᠪᠠ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ︾ ᠵᠠᠷᠴᠢᠮ ᠶᠣᠰᠣᠭᠠᠷ ᠬᠢᠯᠢ ᠶᠢᠨ ᠭᠠᠳᠠᠨᠠᠬᠢ ᠪᠠᠯᠠ ᠣᠷᠣᠭᠤᠯᠤᠯᠲᠠ ᠶᠢ ᠥᠷᠨᠢᠭᠦᠯᠵᠦ᠂ ᠶᠡᠭᠡ ᠬᠡᠪᠴᠢᠶᠡᠨ ᠤ ︽ᠭᠠᠳᠠᠭᠰᠢ ᠭᠠᠷᠬᠤ︾ ᠶᠢ ᠬᠥᠭᠡᠭᠡᠴᠡᠯᠳᠦᠬᠦ ᠠᠴᠠ ᠠᠯᠬᠤᠮ ᠠᠯᠬᠤᠮ ᠢᠶᠠᠷ ᠥᠨᠳᠥᠷ ᠬᠢᠷᠢ ᠲᠦᠪᠰᠢᠨ ᠪᠥᠬᠦᠶ ︽ᠭᠠᠳᠠᠭᠰᠢ ᠭᠠᠷᠬᠤ︾ ᠲᠡᠶᠢᠰᠢ ᠬᠤᠪᠢᠷᠠᠭᠤᠯᠵᠤ᠂ ᠭᠠᠳᠠᠭᠠᠳᠤ ᠳᠤ ᠪᠠᠯᠠ ᠣᠷᠣᠭᠤᠯᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠭᠠᠳᠠᠭᠠᠳᠤ ᠳᠤ ᠪᠠᠯᠠ ᠣᠷᠣᠭᠤᠯᠬᠤ ᠪᠦᠲᠦᠴᠡ ᠶᠢ ᠰᠢᠯᠢᠳᠡᠭᠵᠢᠭᠦᠯᠵᠦ᠂ ᠭᠠᠳᠠᠭᠠᠳᠤ ᠳᠤ ᠪᠠᠯᠠ ᠣᠷᠣᠭᠤᠯᠬᠤ ᠴᠢᠨᠠᠷ ᠰᠠᠶᠢᠲᠠᠶ ᠲᠣᠭᠲᠠᠭᠤᠨ ᠢᠶᠠᠷ ᠬᠥᠭᠵᠢᠬᠦ ᠶᠢ ᠠᠬᠢᠭᠤᠯᠪᠠ᠃ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠢᠲᠠᠢ ᠬᠥᠭᠵᠢᠯᠲᠡ ᠶᠢ ᠳᠠᠭᠠᠯᠳᠤᠨ᠂ ᠬᠥᠬᠡᠬᠤᠲᠠ ᠶᠢᠨ ᠠᠵᠤ ᠠᠬᠤᠢᠯᠠᠯ ᠣᠯᠠᠨ ᠤᠯᠤᠰ ᠤᠨ ᠬᠠᠷᠠᠭ᠎ᠠ ᠪᠠᠨ ᠢᠳᠡᠪᠬᠢᠲᠡᠢ ᠪᠠᠷ ᠥᠷᠭᠡᠳᠭᠡᠨ᠂ ᠭᠠᠳᠠᠭᠠᠳᠤ ᠶᠢᠨ ᠵᠠᠬ᠎ᠠ ᠳᠡᠯᠭᠡᠭᠦᠷ ᠢ ᠪᠠᠢᠷᠢᠰᠢᠭᠤᠯᠵᠤ᠂ ᠳᠡᠯᠡᠬᠡᠶᠢᠴᠢᠯᠡᠬᠦ ᠬᠠᠨᠳᠤᠰᠢ ᠳᠤ ᠵᠣᠬᠢᠴᠠᠭᠤᠯᠤᠨ᠂ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠢᠲᠤᠷ ᠠᠰᠢᠭᠯᠠᠵᠤ᠂ ᠠᠵᠤ ᠠᠬᠤᠢᠯᠠᠯ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠬᠥᠬᠡᠬᠤᠲᠠ ᠶᠢᠨ ᠭᠠᠳᠠᠭᠠᠳᠤ ᠳᠤ ᠪᠡᠯᠡ ᠣᠷᠣᠭᠤᠯᠬᠤ ᠳᠠᠩᠰᠠᠯᠠᠭᠤᠯᠤᠭᠰᠠᠨ ᠲᠥᠷᠥᠯ ᠵᠦᠢᠯ ᠤᠨ ᠲᠤᠭ᠎ᠠ ᠦᠷᠭᠦᠯᠵᠢᠯᠡᠨ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 71% ᠨᠡᠮᠡᠭᠳᠡᠵᠦ᠂ ᠵᠥᠪᠳᠡᠯᠴᠡᠬᠡᠷ ᠤᠨ ᠪᠡᠯᠡ ᠣᠷᠣᠭᠤᠯᠤᠯᠲᠠ ᠶᠢ 3.05 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠪᠡ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠭᠠᠳᠠᠭᠠᠳᠤ ᠳᠤ ᠪᠠᠯᠠ ᠣᠷᠣᠭᠤᠯᠬᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠭᠠᠳᠠᠭᠰᠢ ᠭᠠᠷᠬᠤ︾ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠠᠰᠢᠭᠯᠠᠨ᠂ ᠠᠵᠤ ᠠᠬᠤᠶᠢᠯᠠᠯ ᠢ ᠵᠢᠯᠣᠭᠤᠳᠤᠨ ︽ᠨᠢᠭᠡ ᠪᠦᠰᠡ ᠨᠢᠭᠡ ᠵᠠᠮ︾ ᠵᠡᠷᠭᠡ ᠭᠤᠤᠯᠳᠠᠯᠭ᠎ᠠ ᠲᠠᠢ ᠤᠯᠤᠰ ᠤᠨ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ᠂ ᠪᠠᠯᠠ ᠣᠷᠣᠭᠤᠯᠤᠯᠲᠠ ᠶᠢᠨ ᠲᠦᠭᠰᠢᠭᠦᠷᠢ ᠵᠢᠴᠢ ᠤᠯᠤᠰ ᠤᠨ ᠭᠠᠳᠠᠭᠠᠳᠤ ᠳᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢ ᠰᠤᠷᠤᠯᠴᠠᠵᠤ ᠡᠵᠡᠮᠳᠡᠬᠦ ᠶᠢ ᠴᠢᠩᠭᠠᠳᠬᠠᠨ᠎ᠠ᠃ ᠭᠠᠵᠠᠷ ᠣᠷᠣᠨ ᠤ ᠳᠠᠪᠠᠭᠤᠯᠢᠭ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠬᠢᠯᠢ ᠠᠯᠤᠰᠯᠠᠭᠰᠠᠨ ᠵᠦᠶ ᠵᠣᠬᠢᠰᠲᠠᠶ ᠪᠠᠶᠢᠷᠢᠰᠢᠭᠤᠯᠤᠯᠲᠠ ᠶᠢ ᠴᠢᠩᠭᠠᠳᠬᠠᠵᠤ᠂ ᠳᠤᠮᠳᠠ ᠠᠽᠢᠶ᠎ᠠ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ᠂ ᠶᠠᠫᠣᠨ ᠺᠣᠷᠢᠶᠠ ᠵᠢᠴᠢ ᠠᠹᠷᠢᠺᠠ ᠲᠢᠪ ᠤᠨ ᠤᠯᠤᠰ ᠤᠨ ᠵᠠᠬ᠎ᠠ ᠳᠡᠯᠭᠡᠭᠦᠷ ᠢ ᠢᠳᠡᠪᠬᠢᠲᠡᠶ ᠨᠡᠭᠡᠭᠡᠵᠦ᠂ ᠠᠵᠤ ᠠᠬᠤᠶᠢᠯᠠᠯ ᠬᠢᠭᠡᠳ ᠤᠯᠤᠰ ᠠᠯᠤᠰᠯᠠᠭᠰᠠᠨ ᠺᠣᠮᠫᠠᠨᠢ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠭᠠᠳᠠᠭᠠᠳᠤ ᠶᠢᠨ ᠴᠢᠨᠠᠷ ᠰᠠᠶᠢᠲᠠᠶ ᠲᠥᠷᠥᠯ ᠵᠦᠢᠯ ᠪᠠ ᠲᠡᠷᠢᠭᠦᠨ ᠤ ᠮᠡᠷᠭᠡᠵᠢᠯ ᠢ ᠤᠯᠤᠰ ᠤᠨ ᠳᠣᠲᠣᠭᠠᠳᠤ ᠳᠤ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠡᠶᠡᠯᠡᠭᠦᠯᠦᠨ᠎ᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ