ᠭᠦᠭᠡᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠢᠶᠠᠷ ᠨᠡᠮᠡᠭᠳᠡᠵᠦ ᠪᠤᠢ
ᠨᠡᠶᠢᠲᠡᠯᠡᠭᠰᠡᠨ ᠴᠠᠭ᠄
2024/10/22
      ᠭᠦᠭᠡᠬᠤᠳᠠ ᠶᠢᠨ ᠠᠵᠤ ᠦᠢᠯᠡᠳᠪᠦᠷᠢ  ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠲᠦᠷᠦᠭᠦᠦ 8 ᠰᠠᠷ᠎ᠠ ᠳᠤ ᠭᠦᠭᠡᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ  ᠠᠴᠠ 10% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ  ᠪᠦᠭᠦ  ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 4.2 ᠬᠤᠪᠢ ᠳᠠᠪᠠᠵᠤ᠂ ᠪᠦᠭᠦ  ᠣᠷᠣᠨ ᠤ  ᠳᠤᠮᠳᠠᠴᠢ  ᠲᠦᠪᠰᠢᠨ ᠠᠴᠠ ᠵᠠᠭᠤᠨ ᠤ ᠬᠠᠷᠢᠴᠠᠯ  ᠢᠶᠠᠷ  2.4 ᠬᠤᠪᠢ  ᠳᠠᠪᠠᠪᠠ᠃      ᠲᠦᠷᠦᠭᠦᠦ 8 ᠰᠠᠷ᠎ᠠ ᠳᠤ ᠭᠦᠭᠡᠬᠤᠳᠠ ᠶᠢᠨ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ 5.6% ᠪᠠᠷ ᠨᠡᠮᠡᠭᠳᠡᠨ᠂ ᠴᠠᠭᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ 25.6% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠭᠤᠷᠪᠠᠨ ᠶᠡᠭᠡ ᠲᠦᠷᠦᠯ ᠵᠦᠢᠯ ᠤᠨ ᠨᠡᠮᠡᠭᠳᠡᠯ ᠦᠷᠳᠡᠭ ᠪᠦᠷ ᠡᠶᠡᠷᠭᠦ ᠨᠡᠮᠡᠭᠳᠡᠯ ᠢ ᠪᠡᠶᠡᠯᠡᠭᠦᠯᠵᠡᠢ᠃ ᠭᠤᠣᠯᠳᠠᠯᠭ᠎ᠠ ᠲᠠᠢ ᠠᠵᠢᠯ ᠲᠦᠷᠦᠯ ᠳᠤ ᠢᠳᠡᠭᠡᠨ ᠤ ᠵᠦᠢᠯ ᠦᠢᠯᠡᠳᠬᠦ ᠦᠢᠯᠡᠰ ᠤᠨ ᠨᠡᠮᠡᠭᠳᠡᠯ ᠦᠷᠳᠡᠭ 11.6% ᠪᠠᠷ ᠨᠡᠮᠡᠭᠳᠡᠨ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢᠨ ᠤ ᠵᠦᠢᠯ ᠪᠤᠯᠪᠠᠰᠤᠷᠠᠭᠤᠯᠬᠤ ᠦᠢᠯᠡᠰ ᠤᠨ ᠨᠡᠮᠡᠭᠳᠡᠯ ᠦᠷᠳᠡᠭ 13.1% ᠪᠠᠷ ᠨᠡᠮᠡᠭᠳᠡᠵᠦ᠂ ᠴᠠᠭᠢᠯᠭᠠᠨ ᠬᠦᠴᠦ᠂ ᠢᠯᠴᠢ ᠶᠢᠨ ᠬᠦᠴᠦ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ 21.7% ᠪᠠᠷ ᠨᠡᠮᠡᠭᠳᠡᠨ᠂ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ 34.4% ᠪᠠᠷ ᠨᠡᠮᠡᠭᠳᠡᠪᠡ᠃ ᠪᠦᠭᠦ ᠬᠤᠳᠠ ᠶᠢᠨ ᠪᠦᠷᠢᠳᠬᠡᠯ ᠳᠤ ᠣᠷᠣᠭᠰᠠᠨ 76 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ  ᠠᠴᠠ 45 ᠵᠦᠢᠯ ᠤᠨ ᠦᠢᠯᠡᠳᠬᠦᠨ ᠤ ᠭᠠᠷᠤᠯᠲᠠ ᠨᠢ ᠨᠡᠮᠡᠭᠳᠡᠵᠡᠢ᠃ ᠡᠭᠦᠨ ᠳᠤ ᠭᠤᠣᠯ ᠪᠤᠯᠬᠤ ᠠᠵᠤ ᠦᠢᠯᠡᠳᠪᠦᠷᠢ ᠶᠢᠨ ᠦᠢᠯᠡᠳᠬᠦᠨ ᠠᠴᠠ 156.9 ᠲᠦᠮᠡᠨ ᠳᠤᠨ ᠴᠠᠭᠠᠨ ᠢᠳᠡᠭᠡᠨ ᠪᠤᠯᠪᠠᠰᠤᠷᠠᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠪᠠ;2.8 ᠲᠦᠮᠡᠨ ᠳᠤᠨ ᠳᠠᠩ ᠲᠠᠯᠠᠰᠲᠤ ᠴᠠᠬᠢᠭᠤᠷ ᠪᠠ ᠤᠯᠠᠨ ᠲᠠᠯᠠᠰᠲᠤ ᠴᠠᠬᠢᠭᠤᠷ ᠦᠢᠯᠡᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 68.2% ᠢᠶᠠᠷ ᠨᠡᠮᠡᠭᠳᠡᠪᠠ;134.6 ᠳ᠋ᠦᠩᠰᠢᠭᠤᠷ ᠶᠣᠵᠣᠭᠤᠷ ᠨᠠᠪᠴᠢᠨ ᠲᠠᠮᠠᠬᠢ ᠦᠢᠯᠡᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.9% ᠪᠠᠷ ᠨᠡᠮᠡᠭᠳᠡᠪᠡ;32.1 ᠲᠦᠮᠡᠨ ᠳᠤᠨ ᠠᠮᠲᠠ ᠶᠢᠨ ᠤᠭᠢ ᠦᠢᠯᠡᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 23.1% ᠪᠠᠷ ᠨᠡᠮᠡᠭᠳᠡᠪᠡ;105.5 ᠲᠦᠮᠡᠨ ᠳᠤᠨ ᠨᠠᠷᠢᠯᠢᠭ ᠮᠧᠲ᠋ᠢᠯ ᠠᠯᠺᠤᠤᠯ ᠦᠢᠯᠡᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 14.6 ᠳᠠᠭᠢᠨ ᠨᠡᠮᠡᠭᠳᠡᠵᠡᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ