ᠢᠦᠢ ᠴᠢᠤᠸᠠᠨ ᠲᠣᠭᠤᠷᠢᠭ ᠤᠨ ᠬᠢᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ᠪᠦᠬᠦ ᠲᠤᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠢ ᠲᠣᠭᠤᠷᠢᠨ ᠦᠵᠡᠭᠦᠯᠵᠦ ᠰᠢᠨ᠎ᠡ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/10/23
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠲᠤ ᠢᠦᠶ ᠴᠢᠤᠸᠠᠨ ᠲᠣᠭᠤᠷᠢᠭ ᠤᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ᠂ ᠰᠢᠨ᠎ᠡ ᠬᠤᠪᠢᠷᠠᠯᠲᠠ᠂ ᠰᠢᠨ᠎ᠡ ᠪᠠᠶᠢᠳᠠᠯ ᠢ ᠪᠡᠶ᠎ᠡ ᠪᠠᠷ ᠢᠶᠠᠨ ᠮᠡᠳᠡᠷᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠰᠢᠨ᠎ᠡ ᠦᠵᠡᠯ ᠰᠠᠨᠠᠭ᠎ᠠ ᠶᠢ ᠣᠶᠢᠯᠠᠭᠠᠵᠤ᠂ ᠰᠢᠨ᠎ᠡ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ ᠰᠢᠨ᠎ᠡ ᠬᠥᠭᠵᠢᠯᠲᠡ ᠳᠤ ᠬᠦᠴᠦᠨ ᠨᠡᠮᠡᠷᠢᠯᠡᠵᠦ᠂ ︽ᠪᠤᠭᠤᠷᠤᠯᠴᠤᠳ︾ ᠤᠨ ᠰᠢᠨ᠎ᠡ ᠡᠭᠦᠷᠭᠡᠯᠡᠯ ᠢ ᠢᠯᠡᠷᠡᠭᠦᠯᠵᠦ᠂ ᠲᠠᠬᠢᠨ ᠰᠢᠨ᠎ᠡ ᠬᠤᠪᠢ ᠨᠡᠮᠡᠷᠢ ᠦᠵᠡᠭᠦᠯᠬᠦ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠠᠵᠢᠯ ᠠᠴᠠ ᠪᠠᠨ ᠪᠠᠭᠤᠵᠤ ᠠᠮᠠᠷᠠᠭᠰᠠᠨ 50 ᠭᠠᠷᠤᠶ ᠺᠠᠳ᠋ᠷ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠣᠭᠤᠷᠢᠨ ᠦᠵᠡᠭᠰᠡᠨ ᠪᠥᠭᠡᠳ ᠵᠠᠷᠯᠠᠨ ᠮᠡᠳᠡᠭᠳᠡᠬᠦ ᠬᠤᠷᠠᠯ ᠬᠤᠷᠠᠯᠳᠤᠭᠤᠯᠪᠠ᠃
1.jpg
      ᠠᠬᠠᠮᠠᠳ ᠺᠠᠳ᠋ᠷᠴᠤᠳ ᠤᠷᠢᠳ ᠬᠤᠵᠢᠳ ᠥᠪᠥᠷ ᠮᠣᠩᠭᠤᠯ ᠤᠨ ᠴᠠᠭᠠᠨ ᠭᠤᠶᠣᠣ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠢᠦᠶ ᠴᠢᠤᠸᠠᠨ ᠲᠣᠭᠤᠷᠢᠭ ᠤᠨ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ᠂ ᠢᠦᠶ ᠴᠢᠤᠸᠠᠨ ᠲᠣᠭᠤᠷᠢᠭ ᠤᠨ ᠲᠥᠪ ᠲᠣᠭᠤᠭᠠᠨ ᠬᠡᠷ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ᠂ ᠶᠡᠭᠡ ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠤᠨ ᠴᠢᠩ ᠢᠦᠶ ᠯᠢᠨ ᠰᠢ ᠬᠡᠷᠲᠦ ᠲᠡᠷᠭᠡ ᠶᠢᠨ ᠬᠤᠸᠠᠷᠠᠨ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃ ᠬᠦᠷᠦᠭᠰᠡᠨ ᠭᠠᠵᠠᠷ ᠪᠣᠯᠭᠠᠨ ᠳᠤ᠂ ᠠᠬᠠᠮᠠᠳ ᠺᠠᠳ᠋ᠷᠴᠤᠳ ᠴᠥᠮ ᠲᠥᠷᠥᠯ ᠵᠦᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠶᠠᠪᠤᠬᠤ ᠶᠢᠨ ᠳᠠᠭᠠᠤ ᠦᠵᠡᠵᠦ᠂ ᠰᠣᠨᠣᠰᠬᠤ ᠶᠢᠨ ᠳᠠᠭᠠᠤ ᠶᠠᠷᠢᠯᠴᠠᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠬᠥᠭᠵᠢᠯᠲᠡ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠴᠣ ᠰᠢᠨ᠎ᠡ ᠬᠤᠪᠢᠷᠠᠯᠲᠠ ᠪᠠ ᠢᠯᠡᠳᠲᠡ ᠠᠮᠵᠢᠯᠲᠠ ᠪᠦᠲᠦᠮᠵᠢ ᠶᠢ ᠪᠡᠶ᠎ᠡ ᠪᠠᠷ ᠢᠶᠠᠨ ᠣᠶᠢᠯᠠᠭᠠᠪᠠ᠃
2.jpg
      ᠲᠣᠭᠤᠷᠢᠨ ᠦᠵᠡᠬᠦ ᠬᠤᠭᠤᠴᠠᠭᠠᠨ ᠳᠤ᠂ ᠠᠬᠠᠮᠠᠳ ᠺᠠᠳ᠋ᠷᠴᠤᠳ ᠴᠤᠭ ᠵᠢᠪᠬᠤᠭ᠎ᠠ ᠲᠡᠭᠦᠯᠳᠡᠷ ᠪᠠᠶᠢᠯ᠎ᠠ᠃ ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠲᠡᠳᠡ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠲᠥᠪ ᠤᠨ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠡᠯᠪᠡᠭ ᠪᠠᠶᠠᠯᠢᠭ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠰᠤᠷᠠᠯᠲᠠ ᠥᠬᠡᠶ ᠪᠠᠲᠤᠵᠢᠵᠤ᠂ ᠡᠯ᠎ᠡ ᠵᠦᠢᠯ ᠤᠨ ᠠᠵᠢᠯ ᠦᠢᠯᠡᠰ ᠤᠨ ᠣᠯᠤᠭᠰᠠᠨ ᠠᠮᠵᠢᠯᠲᠠ ᠨᠢᠳᠦᠨ ᠳᠤ ᠦᠵᠡᠭᠳᠡᠵᠦ᠂ ᠬᠥᠮᠦᠰ ᠢ ᠵᠣᠷᠢᠭᠵᠢᠭᠤᠯᠵᠠᠶ᠃
3.jpg
      ᠤᠯᠠᠨ ᠢᠶᠠᠷ ᠢᠶᠠᠨ᠂ ᠤᠯᠤᠰ ᠲᠦᠷᠦ ᠶᠢᠨ ᠳᠠᠪᠠᠭᠤᠯᠢᠭ᠂ ᠲᠤᠷᠰᠢᠯᠭ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠢᠦᠢ ᠴᠢᠤᠸᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃                         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ 
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ