ᠬᠥᠬᠡᠬᠤᠲᠠ ᠶᠢᠨ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠤᠯᠠᠮ ᠢᠶᠠᠷ ᠢᠯᠡᠷᠬᠡᠶ ᠪᠣᠯᠪᠠ
ᠨᠡᠶᠢᠲᠡᠯᠡᠭᠰᠡᠨ ᠴᠠᠭ᠄
2024/10/23
      ︵ᠰᠤᠷᠪᠤᠯᠵᠢᠯᠠᠭᠴᠢ ᠶᠦᠨ ᠶᠠᠨ ᠹᠠᠩ︶ ᠣᠶᠢᠯᠠᠭᠠᠭᠰᠠᠨ ᠢᠶᠠᠷ᠂ 9 ᠳ᠋ᠦ᠋ᠭᠡᠷ ᠰᠠᠷ᠎ᠠ ᠶᠢᠨ 21 ᠤ ᠡᠳᠦᠷ ᠬᠥᠬᠡᠬᠤᠲᠠ ᠶᠢᠨ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠥᠷᠢ ᠤᠯᠭᠤᠬᠤ ᠠᠵᠢᠯᠯᠠᠭ᠎ᠠ ᠲᠦᠷᠭᠡᠨ ᠲᠦᠯᠦᠭᠦ App ᠰᠦᠯᠵᠢᠶᠡᠨ ᠳᠤ ᠭᠠᠷᠤᠭᠰᠠᠨ ᠠᠴᠠ ᠨᠠᠭᠠᠰᠢ᠂ ᠣᠳᠣ ᠪᠣᠯᠲᠠᠯ᠎ᠠ ᠭᠡᠷ ᠤᠨ ᠴᠠᠬᠢᠯᠭᠠᠨ ᠬᠡᠷᠡᠭᠰᠡᠯ ᠤᠨ ᠠᠷᠠᠯᠵᠢᠶᠠᠨ ᠤ ᠲᠤᠭ᠎ᠠ 2.3 ᠲᠦᠮᠡ ᠬᠦᠷᠴᠦ᠂ ᠪᠣᠷᠣᠯᠠᠭᠤᠯᠭ᠎ᠠ ᠶᠢᠨ ᠵᠣᠭᠤᠰ ᠤᠨ ᠲᠤᠭ᠎ᠠ        1.5 ᠳ᠋ᠦᠩᠰᠢᠭᠤᠷ ᠲᠥᠭᠦᠷᠢᠭ ᠤᠷᠴᠢᠮ ᠬᠦᠷᠴᠦ᠂ ᠪᠣᠷᠣᠯᠠᠭᠤᠯᠤᠯᠲᠠ ᠶᠢᠨ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠵᠤ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠨᠢ ᠠᠯᠬᠤᠮ ᠠᠯᠬᠤᠮ ᠢᠶᠠᠷ ᠢᠯᠡᠷᠬᠡᠢ ᠪᠣᠯᠵᠠᠢ᠃      ᠲᠠᠨᠢᠯᠴᠠᠭᠤᠯᠤᠭᠰᠠᠨ ᠢᠶᠠᠷ᠂ ᠬᠥᠬᠡᠬᠤᠲᠠ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠠᠵᠢᠯᠯᠠᠭ᠎ᠠ ᠶᠢᠨ ᠪᠣᠳᠠᠲᠠᠶ ᠪᠠᠶᠢᠳᠠᠯ ᠢ ᠦᠨᠳᠦᠰᠦᠯᠡᠨ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢᠨ ᠨᠤᠭᠤᠯᠤᠨ ᠪᠤᠳᠤᠬᠤ ᠲᠡᠮᠳᠡᠭᠲᠦ ᠶᠢ ᠬᠢᠨᠠᠨ ᠬᠠᠰᠤᠬᠤ ᠬᠤᠭᠤᠴᠠᠭᠠᠨ ᠳᠤ ᠡᠩ ᠲᠡᠷᠢᠭᠦᠨ ᠳᠤ ᠲᠣᠬᠢᠷᠠᠭᠤᠯᠤᠯᠲᠠ ᠬᠢᠵᠦ᠂ 10 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠨ᠂ ᠨᠤᠭᠤᠯᠤᠨ ᠪᠤᠳᠤᠬᠤ ᠲᠡᠮᠳᠡᠭᠲᠦ ᠶᠢᠨ ᠬᠦᠴᠦᠨ ᠲᠠᠢ ᠬᠤᠭᠤᠴᠠᠭ᠎ᠠ ᠶᠢ 7 × 24 ᠴᠠᠭ ᠪᠠᠶᠢᠭᠰᠠᠨ ᠠᠴᠠ ᠨᠢ ᠲᠤᠬᠠᠶ ᠶᠢᠨ ᠡᠳᠦᠷ ᠲᠡᠭᠡᠨ ᠬᠦᠴᠦᠨ ᠲᠠᠢ ᠪᠣᠯᠭᠠᠨ ᠳᠣᠭᠢᠷᠠᠭᠤᠯᠵᠤ᠂ ᠬᠡᠷᠡᠭᠯᠡᠭᠡᠨ ᠤ ᠣᠶᠢᠯᠠᠭᠠᠯᠲᠠ ᠶᠢ ᠨᠠᠩ ᠰᠠᠶᠢᠵᠢᠷᠠᠭᠤᠯᠵᠤ᠂ ᠨᠠᠩ ᠣᠯᠠᠨ ᠬᠡᠷᠡᠭᠯᠡᠭᠴᠢᠳ ᠲᠤ ᠠᠰᠢᠭ ᠬᠦᠷᠲᠡᠭᠡᠪᠡ᠃ ᠡᠭᠦᠨ ᠠᠴᠠ ᠭᠠᠳᠠᠨ᠎ᠠ᠂ ᠡᠯ᠎ᠡ ᠬᠡᠷ ᠤᠨ ᠴᠠᠬᠢᠯᠭᠠᠨ ᠬᠡᠷᠡᠭᠰᠡᠯ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠠᠰᠢᠭ ᠬᠦᠷᠲᠡᠭᠡᠨ ᠬᠠᠷᠠᠭᠠᠯᠵᠠᠯ ᠦᠵᠡᠭᠦᠯᠬᠦ ᠠᠵᠢᠯᠯᠠᠭ᠎ᠠ ᠥᠷᠨᠢᠭᠦᠯᠵᠦ᠂ ᠵᠠᠰᠠᠭ ᠤᠨ ᠣᠷᠳᠣᠨ ᠤ ᠨᠥᠬᠦᠪᠥᠷᠢ ᠶᠢ ᠳᠠᠪᠬᠤᠷᠳᠠᠭᠤᠯᠵᠤ᠂ ᠣᠶᠤᠨᠴᠢ ᠪᠣᠬᠢᠷᠲᠤᠯ ᠥᠬᠡᠶ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡ ᠶᠢ ᠳᠡᠭᠡᠭᠰᠢᠯᠡᠭᠦᠯᠬᠦ ᠳᠤ ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠪᠠᠶᠢᠳᠠᠯ ᠢ ᠦᠨᠳᠦᠰᠦᠯᠡᠨ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠪᠠᠯᠠ ᠮᠥᠩᠭᠦ ᠶᠢᠨ ᠣᠷᠣᠭᠤᠯᠤᠯᠲᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠪᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ