ᠣᠷᠣᠨ ᠤ ᠲᠥᠪ ᠬᠤᠲᠠ ᠡᠨᠡ ᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 801 ᠡᠷᠦᠬᠡ ᠶᠢ ᠳᠠᠩᠰᠠᠯᠠᠭᠤᠯᠵᠠᠢ
ᠨᠡᠶᠢᠲᠡᠯᠡᠭᠰᠡᠨ ᠴᠠᠭ᠄
2024/10/24
    ︵ᠰᠤᠷᠪᠤᠯᠵᠢᠯᠠᠭᠴᠢ ᠡᠦ ᠽᠢ ᠰᠢᠤᠸᠠᠨ  ᠴᠢᠮᠡᠭᠡᠯᠡᠭᠴᠢ ᠸᠠᠩ ᠵᠢᠶᠠ ᠹᠠᠨ︶ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ 2024 ᠣᠨ ᠤ ᠳᠥᠷᠪᠡᠳᠦᠭᠡᠷ ᠪᠦᠯᠦᠭ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠨᠡᠷᠡᠰ ᠢ ᠨᠡᠶᠢᠲᠡᠯᠡᠪᠡ᠂ ᠡᠭᠦᠨ ᠳᠤ ᠬᠥᠬᠡᠬᠤᠲᠠ ᠶᠢᠨ 439 ᠠᠵᠤ ᠠᠬᠤᠶᠢᠯᠠᠯ ᠣᠷᠣᠪᠠ᠃ ᠢᠩᠭᠢᠭᠡᠳ ᠬᠥᠬᠡᠬᠤᠲᠠ ᠡᠨᠡ ᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 801 ᠳᠤᠮᠳᠠ ᠵᠢᠵᠢᠭ ᠠᠵᠤ ᠠᠬᠤᠶᠢᠯᠠᠯ ᠢ ᠳᠠᠩᠰᠠᠯᠠᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃    ᠣᠷᠣᠨ ᠪᠦᠰᠡ ᠶᠢᠨ ᠲᠠᠷᠬᠠᠯᠲᠠ ᠠᠴᠠ ᠦᠵᠡᠪᠡᠯ᠂ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ ᠡᠮᠦᠨ᠎ᠡ ᠲᠠᠪᠤ ᠨᠢ ᠳᠠᠷᠠᠭᠠᠯᠠᠭᠤᠯᠤᠨ ᠄ ᠰᠠᠶᠢᠬᠠᠨ ᠲᠣᠭᠤᠷᠢᠭ᠂ ᠰᠢᠨ᠎ᠡ ᠬᠤᠲᠠ ᠲᠣᠭᠤᠷᠢᠭ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠢᠦᠶ ᠴᠢᠤᠸᠠᠨ ᠲᠣᠭᠤᠷᠢᠭ ᠪᠠ ᠬᠤᠲᠣᠩ ᠠᠷᠠᠳ ᠤᠨ ᠲᠣᠭᠤᠷᠢᠭ ᠪᠣᠯᠤᠨ᠎ᠠ᠃ ᠡᠭᠦᠨ ᠳᠤ᠂ ᠰᠠᠶᠢᠬᠠᠨ ᠲᠣᠭᠤᠷᠢᠭ ᠲᠤ 269 ᠠᠵᠤ ᠠᠬᠤᠶᠢᠯᠠᠯ ᠳᠠᠩᠰᠠᠯᠠᠭᠤᠯᠤᠭᠰᠠᠨ ᠢᠶᠠᠷ ᠲᠡᠷᠢᠭᠦᠯᠡᠵᠦ᠂ ᠰᠢᠨ᠎ᠡ ᠬᠤᠲᠠ ᠲᠣᠭᠤᠷᠢᠭ ᠪᠠ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠲᠤᠰ ᠲᠤᠰ 184 ᠡᠷᠦᠬᠡ ᠪᠠ 95 ᠡᠷᠦᠬᠡ ᠳᠠᠩᠰᠠᠯᠠᠭᠤᠯᠤᠭᠰᠠᠨ ᠪᠠᠶᠢᠨ᠎ᠠ᠃ ᠳᠡᠭᠡᠷ᠎ᠡ ᠳᠤᠷᠠᠳᠤᠭᠰᠠᠨ 3 ᠲᠣᠭᠤᠷᠢᠭ ᠤᠨ ᠠᠵᠤ ᠠᠬᠤᠶᠢᠯᠠᠯ ᠤᠨ ᠲᠤᠭ᠎ᠠ  ᠨᠢ ᠪᠦᠬᠦ ᠲᠣᠭᠠᠨ ᠤ 68.41% ᠶᠢ ᠡᠵᠡᠯᠡᠵᠦ᠂ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠭᠤᠣᠯ ᠲᠥᠪᠯᠡᠷᠡᠭᠰᠡᠨ ᠣᠷᠣᠨ ᠪᠣᠯᠵᠠᠢ᠃    ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠬᠤᠪᠢ ᠳᠤ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠢᠯᠡᠷᠡᠯ ᠲᠣᠪᠤᠶᠢᠮ᠎ᠠ᠂ ᠳᠠᠩᠰᠠᠯᠠᠭᠤᠯᠤᠭᠰᠠᠨ ᠠᠵᠤ ᠠᠬᠤᠶᠢᠯᠠᠯ 291 ᠪᠠᠶᠢᠵᠤ᠂ ᠪᠦᠬᠦ ᠲᠣᠭᠠᠨ ᠤ 36.33% ᠢ ᠡᠵᠡᠯᠡᠪᠡ ᠃ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠵᠢᠴᠢ ᠦᠢᠯᠡᠳᠬᠦ ᠦᠢᠯᠡᠰ ᠲᠤᠰ ᠲᠤᠰ 217 ᠪᠠ 150 ᠡᠷᠦᠬᠡ ᠶᠢᠨ ᠲᠤᠭ᠎ᠠ ᠪᠠᠷ ᠬᠤᠶᠠᠳᠤᠭᠠᠷ ᠪᠠ ᠭᠤᠷᠪᠠᠳᠤᠭᠠᠷ ᠲᠤ ᠪᠠᠶᠢᠷᠢᠯᠠᠪᠠ᠃ ᠡᠨᠡ ᠭᠤᠷᠪᠠᠨ ᠠᠵᠢᠯ ᠲᠥᠷᠥᠯ ᠤᠨ ᠬᠦᠷᠢᠶᠡᠨ ᠤ ᠠᠵᠤ ᠠᠬᠤᠶᠢᠯᠠᠯ ᠤᠨ ᠲᠤᠭ᠎ᠠ ᠨᠢ ᠪᠦᠬᠦ ᠲᠣᠭᠠᠨ ᠤ 80% ᠶᠢ ᠳᠠᠪᠠᠵᠤ᠂ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠭᠤᠣᠯ ᠬᠦᠴᠦᠨ ᠪᠣᠯᠣᠭᠰᠠᠨ ᠪᠠᠶᠢᠨ᠎ᠠ᠃    ᠰᠢᠨ᠎ᠡ ᠶᠢ ᠡᠭᠦᠳᠬᠦ ᠴᠢᠳᠠᠪᠤᠷᠢ ᠶᠢᠨ ᠲᠠᠯ᠎ᠠ ᠪᠠᠷ᠂ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠳᠤᠮᠳᠠ ᠰᠢᠨ᠎ᠡ ᠮᠡᠷᠭᠡᠵᠢᠯ ᠤᠨ ᠲᠥᠷᠥᠯ ᠤᠨ ᠠᠵᠤ ᠠᠬᠤᠶᠢᠯᠠᠯ ᠤᠨ   ᠡᠵᠡᠯᠡᠬᠦ ᠬᠠᠷᠢᠴᠠᠯ ᠨᠢ 40.45% ᠬᠦᠷᠴᠦ᠂ ᠰᠤᠳᠤᠯᠤᠨ ᠨᠡᠭᠡᠭᠡᠬᠦ ᠪᠠᠶᠢᠭᠤᠯᠤᠮᠵᠢ ᠲᠠᠢ ᠠᠵᠤ ᠠᠬᠤᠶᠢᠯᠠᠯ ᠤᠨ ᠡᠵᠡᠯᠡᠬᠦ ᠬᠠᠷᠢᠴᠠᠯ ᠨᠢ 6.24% ᠬᠦᠷᠴᠦ᠂ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠬᠦᠷᠢᠶᠡᠨ ᠳᠠᠬᠢ  ᠬᠠᠷᠢᠴᠠᠩᠭᠤᠢ ᠴᠢᠩᠭ᠎ᠠ ᠪᠣᠳᠠᠲᠤ ᠬᠦᠴᠦᠨ ᠢ ᠢᠯᠡᠷᠡᠭᠦᠯᠪᠡ᠃ ᠡᠭᠦᠨ ᠠᠴᠠ ᠭᠠᠳᠠᠨ᠎ᠠ᠂ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠳᠡᠭᠡᠷ᠎ᠡ ᠵᠢᠯ ᠤᠨ ᠶᠡᠷᠦᠩᠬᠡᠢ ᠰᠤᠳᠤᠯᠤᠨ ᠨᠡᠭᠡᠭᠡᠬᠦ ᠵᠠᠷᠤᠳᠠᠯ ᠨᠢ 11.08 ᠳ᠋ᠦᠩᠰᠢᠭᠤᠷ ᠲᠥᠭᠦᠷᠢᠭ ᠬᠦᠷᠴᠦ᠂ ᠡᠭᠦᠨ ᠳᠤ 38.08% ᠶᠢᠨ ᠠᠵᠤ ᠠᠬᠤᠶᠢᠯᠠᠯ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠬᠦᠷᠲᠡᠵᠦ᠂ ᠨᠡᠶᠢᠲᠡ 4.10 ᠳ᠋ᠦᠩᠰᠢᠭᠤᠷ ᠲᠥᠭᠦᠷᠢᠭ ᠤᠨ ᠬᠠᠷᠠᠭᠠᠯᠵᠠᠯ ᠬᠦᠷᠲᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠠᠳᠠᠷᠠᠭᠤᠯᠬᠤ ᠶᠢ ᠬᠦᠴᠦᠲᠡᠶ ᠠᠬᠢᠭᠤᠯᠪᠠ᠃    ᠦᠷ᠎ᠡ ᠪᠦᠲᠦᠭᠡᠯ ᠤᠨ ᠭᠠᠷᠭᠠᠯᠲᠠ ᠶᠢᠨ ᠲᠠᠯ᠎ᠠ ᠪᠠᠷ᠂ ᠳᠠᠩᠰᠠᠯᠠᠭᠤᠯᠤᠭᠰᠠᠨ ᠠᠵᠤ ᠠᠬᠤᠶᠢᠯᠠᠯ ᠳᠤ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ 9181 ᠵᠦᠢᠯ ᠪᠠᠶᠢᠵᠤ᠂ ᠡᠭᠦᠨ ᠳᠤ Ⅰ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ︵ᠡᠭᠦᠳᠦᠯᠲᠡ ᠶᠢᠨ ᠲᠤᠰᠬᠠᠶ ᠠᠰᠢᠭ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠪᠠᠶᠢᠷᠢᠯᠠᠯ ᠤᠨ ᠵᠢᠷᠤᠭ ᠢ ᠵᠢᠷᠤᠵᠤ ᠲᠥᠯᠥᠪᠯᠡᠬᠦ ᠲᠤᠰᠬᠠᠶ ᠡᠷᠬᠡ︶ 503 ᠵᠦᠢᠯ᠂ Ⅱ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ︵ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ᠂ ᠵᠥᠭᠡᠯᠡᠨ ᠲᠣᠨᠤᠭ ᠤᠨ ᠵᠣᠬᠢᠶᠠᠨ ᠪᠦᠲᠦᠭᠡᠬᠦ ᠡᠷᠬᠡ︶ 8678 ᠵᠦᠢᠯ ᠪᠣᠶ᠃ ᠡᠲᠡᠭᠡᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠷᠠᠮᠳᠤᠭᠤᠯᠤᠯ ᠨᠢ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠭᠡᠳ ᠠᠵᠤ ᠦᠢᠯᠡᠰ ᠤᠨ ᠬᠥᠭᠵᠢᠯᠲᠡ ᠳᠤ ᠲᠤᠯᠭᠠᠭᠤᠷᠢ ᠬᠦᠴᠦ ᠬᠠᠩᠭᠠᠭᠰᠠᠨ ᠪᠠᠶᠢᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ