ᠰᠢᠤᠢ ᠶᠠᠩ ᠪᠦᠯᠦᠭᠯᠡᠯ ᠤᠨ ᠬᠥᠬᠡᠬᠤᠲᠠ ᠶᠢᠨ ᠬᠦᠷᠢᠶᠡᠯᠡᠩ ᠲᠣᠭᠤᠷᠢᠭ ᠤᠨ ᠵᠢᠯ ᠪᠦᠷᠢ 30 ᠲᠦᠮᠡᠨ ᠲᠣᠨ ᠨᠡᠭᠦᠷᠡᠰᠦᠨ ᠤ ᠨᠡᠶᠢᠯᠡᠮᠡᠯ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/10/25
      ︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠰᠢᠤᠢ ᠶᠠᠩ ᠪᠦᠯᠦᠭᠯᠡᠯ ᠤᠨ ᠬᠥᠬᠡᠬᠤᠲᠠ ᠶᠢᠨ ᠬᠦᠷᠢᠶᠡᠯᠡᠩ ᠲᠣᠭᠤᠷᠢᠭ ᠠᠴᠠ ᠣᠶᠢᠯᠠᠭᠠᠭᠰᠠᠨ ᠢᠶᠠᠷ᠂ 10 ᠳ᠋ᠤᠭᠠᠷ ᠰᠠᠷ᠎ᠠ ᠶᠢᠨ 22 ᠤ ᠡᠳᠦᠷ᠂ ᠰᠢᠤᠢ ᠶᠠᠩ ᠪᠦᠯᠦᠭᠯᠡᠯ ᠤᠨ ᠬᠥᠬᠡᠬᠤᠲᠠ ᠶᠢᠨ ᠬᠦᠷᠢᠶᠡᠯᠡᠩ ᠲᠣᠭᠤᠷᠢᠭ ᠤᠨ 30 ᠲᠦᠮᠡᠨ ᠲᠤᠨ / ᠵᠢᠯ ᠤᠨ ᠨᠡᠭᠦᠷᠡᠰᠦᠨ ᠤ ᠨᠡᠶᠢᠯᠡᠮᠡᠯ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠭᠤᠷᠪᠠᠴᠢ ᠪᠧᠨᠽᠧᠨ ᠨᠡᠷᠡᠭᠳᠡᠰᠦ᠂ ᠬᠦᠨᠳᠦ ᠮᠠᠰ ᠤᠨ ᠲᠣᠰᠣ ᠤᠬᠢᠶᠠᠬᠤ᠂ ᠨᠡᠭᠦᠷᠡᠰᠦᠨ ᠬᠡᠤᠳᠡᠰᠦ᠂ ᠳᠠᠬᠢᠵᠤ ᠪᠣᠯᠪᠠᠰᠤᠷᠠᠭᠤᠯᠤᠭᠰᠠᠨ ᠯᠢᠴᠢᠩ ᠵᠡᠷᠭᠡ ᠬᠢᠷᠢ ᠲᠡᠩᠴᠡᠭᠰᠡᠨ ᠦᠢᠯᠡᠳᠬᠦᠨ ᠦᠢᠯᠡᠳᠪᠦᠷᠢᠯᠡᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠨᠡᠮᠡᠵᠦ᠂ 10 ᠳ᠋ᠤᠭᠠᠷ ᠰᠠᠷ᠎ᠠ ᠶᠢᠨ 28 ᠤ ᠡᠳᠦᠷ ᠬᠢᠷᠢ ᠲᠡᠩᠴᠡᠭᠰᠡᠨ ᠠᠵᠤ ᠦᠢᠯᠡᠳᠪᠦᠷᠢ ᠶᠢᠨ ᠨᠠᠹᠲ᠋ᠠᠯᠢᠨ ᠤ ᠦᠢᠯᠡᠳᠬᠦᠨ ᠢ ᠦᠢᠯᠡᠳᠪᠦᠷᠢᠯᠡᠵᠦ᠂ ᠪᠦᠬᠦ ᠶᠠᠪᠤᠴᠠ ᠶᠢ ᠨᠡᠪᠲᠡᠷᠡᠭᠦᠯᠬᠦ ᠪᠠᠷ ᠲᠥᠯᠥᠪᠯᠡᠵᠦ ᠪᠣᠢ᠃     ᠲᠣᠰ ᠲᠥᠷᠥᠯ ᠵᠦᠢᠯ ᠢ 2023 ᠣᠨ ᠤ 9 ᠳ᠋ᠦ᠋ᠭᠡᠷ ᠰᠠᠷ᠎ᠠ ᠠᠴᠠ ᠡᠬᠢᠯᠡᠨ ᠪᠠᠶᠢᠭᠤᠯᠵᠤ᠂ ᠨᠡᠶᠢᠲᠡ 76894.93 ᠲᠡᠭᠰᠢ‌‍ᠲ᠋ᠥ᠋ᠷᠪᠡᠯᠵᠢᠨ ᠮᠧᠲᠷ ᠲᠠᠯᠠᠪᠠᠢ ᠡᠵᠡᠯᠡᠨ᠂  ᠶᠡᠷᠦᠩᠬᠡᠢ ᠪᠡᠯᠡ ᠣᠷᠣᠭᠤᠯᠤᠯᠲᠠ 20 ᠳ᠋ᠦᠩᠰᠢᠭᠤᠷ ᠲᠥᠭᠦᠷᠢᠭ ᠬᠦᠷᠴᠦ᠂ ᠨᠡᠭᠦᠷᠡᠰᠦᠨ ᠬᠡᠤᠳᠡᠰᠦ ᠶᠢ ᠨᠠᠷᠢᠯᠢᠭ ᠡᠳ᠋ᠰᠢᠭᠦᠯᠬᠦ᠂ ᠨᠡᠭᠦᠷᠡᠰᠦᠨ ᠤ ᠬᠠᠷ᠎ᠠ ᠲᠣᠰᠣ ᠶᠢ ᠪᠣᠯᠪᠠᠰᠤᠷᠠᠭᠤᠯᠬᠤ᠂ ᠠᠵᠤ ᠦᠢᠯᠡᠳᠪᠦᠷᠢ ᠶᠢᠨ ᠨᠠᠹᠲ᠋ᠠᠯᠢᠨ ᠭᠠᠷᠭᠠᠨ ᠠᠪᠬᠤ᠂ ᠨᠠᠷᠢᠯᠢᠭ ᠹᠧᠨᠤᠯ ᠦᠢᠯᠡᠳᠬᠦ᠂ ᠺᠠᠽᠤᠯ ᠤᠨ ᠨᠡᠶᠢᠯᠡᠯᠭᠡ ᠵᠢᠴᠢ ᠠᠷᠭ᠎ᠠ ᠲᠦᠢᠯ ᠤᠨ ᠮᠠᠲ᠋ᠧᠷᠢᠶᠠᠯ ᠵᠡᠷᠭᠡ ᠣᠯᠠᠨ ᠲᠥᠷᠥᠯ ᠵᠦᠢᠯ ᠢ ᠬᠠᠮᠤᠷᠪᠠ᠃ ᠡᠭᠦᠨ ᠳᠤ᠂ ᠨᠡᠭᠦᠷᠡᠰᠦᠨ ᠬᠡᠤᠳᠡᠰᠦ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠳᠤ 6.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠵᠢᠯ ᠳᠤ 30 ᠲᠦᠮᠡᠨ ᠲᠣᠨ ᠨᠡᠭᠦᠷᠡᠰᠦᠨ ᠬᠡᠦᠷᠡᠰᠦ ᠪᠣᠯᠪᠠᠰᠤᠷᠠᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 15 ᠳ᠋ᠦᠩᠰᠢᠭᠤᠷ ᠲᠥᠭᠦᠷᠢᠭ ᠬᠦᠷᠴᠦ ᠳᠡᠶᠢᠯᠦᠨ᠎ᠡ᠂ ᠮᠦᠨᠴᠦ 100 ᠭᠠᠷᠤᠶ ᠬᠥᠮᠦᠨ ᠳᠤ ᠠᠵᠢᠯ ᠣᠯᠭᠤᠨ᠎ᠠ᠃ ᠲᠣᠰ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠨᠢ ᠰᠢᠤᠢ ᠶᠠᠩ ᠪᠦᠯᠦᠭᠯᠡᠯ ᠤᠨ ᠬᠥᠬᠡᠬᠤᠲᠠ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠳᠣᠤᠷᠠᠳᠤ ᠤᠷᠤᠰᠬᠠᠯ ᠤᠨ ᠨᠡᠭᠦᠷᠡᠰᠦ ᠬᠡᠤᠷᠰᠢᠭᠦᠯᠬᠦ - ᠳᠤᠮᠳᠠᠬᠢ ᠶᠠᠪᠤᠴᠠ ᠶᠢᠨ ᠯᠢᠴᠢᠩ ᠪᠣᠯᠭᠠᠬᠤ - ᠪᠢᠯᠢᠭ ᠲᠦᠢᠯ ᠤᠨ ᠮᠠᠲ᠋ᠧᠷᠢᠶᠠᠯ ᠵᠢᠴᠢ ᠯᠢᠴᠢᠩ ᠨᠡᠭᠦᠷᠡᠰᠦᠲᠥ᠋ᠷᠥᠭᠴᠢ ᠶᠢᠨ ᠰᠢᠷᠬᠡᠭ - ᠨᠡᠭᠦᠷᠡᠰᠦᠲᠥ᠋ᠷᠥᠭᠴᠢ ᠶᠢᠨ ᠰᠢᠷᠬᠡᠭ ᠤᠨ ᠨᠡᠶᠢᠯᠡᠮᠡᠯ ᠮᠠᠲ᠋ᠧᠷᠢᠶᠠᠯ ᠵᠡᠷᠭᠡ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠨ᠂ ᠬᠡᠤᠷᠰᠢᠭᠦᠯᠦᠭᠰᠡᠨ ᠠᠵᠤ ᠦᠢᠯᠡᠰ ᠤᠨ ᠶᠡᠷᠦᠩᠬᠡᠶᠢᠯᠡᠭᠰᠡᠨ ᠠᠰᠢᠭᠯᠠᠯᠲᠠ ᠶᠢ ᠨᠡᠩ ᠳᠡᠭᠡᠳᠦ ᠳᠠᠰ ᠤᠨ ᠪᠣᠯᠭᠠᠵᠤ᠂ ᠮᠠᠲ᠋ᠧᠷᠢᠶᠠᠯᠵᠢᠭᠤᠯᠬᠤ᠂ ᠣᠯᠠᠨ ᠡᠰᠢᠵᠢᠭᠦᠯᠬᠦ ᠳᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃     ᠣᠶᠢᠯᠠᠭᠠᠭᠰᠠᠨ ᠢᠶᠠᠷ᠂ ᠲᠥᠷᠥᠯ ᠵᠦᠢᠯ ᠨᠢ ᠪᠣᠬᠢᠷᠳᠤᠯ ᠦᠭᠡᠢ ᠲᠡᠷᠢᠭᠦᠨ ᠤ ᠮᠡᠷᠭᠡᠵᠢᠯ ᠵᠢᠴᠢ ᠲᠥᠬᠦᠭᠡᠷᠦᠮᠵᠢ ᠶᠢ ᠬᠡᠷᠡᠭᠯᠡᠵᠦ᠂ ᠦᠢᠯᠡᠳᠪᠦᠷᠢᠯᠡᠯ ᠤᠨ ᠶᠠᠪᠤᠴᠠ ᠳᠤ  ᠡᠭᠦᠰᠦᠭᠰᠡᠨ ᠬᠠᠶᠠᠭᠳᠠᠮᠠᠯ ᠤᠰᠤ᠂ ᠬᠠᠶᠠᠭᠳᠠᠮᠠᠯ ᠬᠡᠢ ᠪᠠ ᠬᠠᠶᠠᠭᠳᠠᠮᠠᠯ ᠰᠢᠭᠠᠷᠤ ᠶᠢ ᠴᠢᠩᠭ᠎ᠠ ᠵᠠᠰᠠᠵᠤ ᠡᠭᠡᠭᠦᠯᠦᠨ ᠠᠰᠢᠭᠯᠠᠳᠠᠭ ᠃ ᠡᠭᠦᠨ ᠤ ᠬᠠᠮᠲᠤ᠂ ᠬᠦᠷᠢᠶᠡᠯᠡᠩ ᠲᠣᠭᠤᠷᠢᠭ ᠨᠢ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠥᠬᠡᠶ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠳᠤ ᠲᠦᠰᠢᠭᠯᠡᠨ᠂ ᠤᠰᠤ ᠶᠢ ᠭᠦᠨᠵᠡᠭᠡᠶ ᠴᠡᠪᠡᠷᠰᠢᠭᠦᠯᠬᠦ ᠰᠢᠰᠲ᠋ᠧᠮ ᠢᠶᠠᠷ ᠳᠠᠮᠵᠢᠭᠤᠯᠤᠨ ᠬᠠᠶᠠᠭᠳᠠᠮᠠᠯ ᠤᠰᠤ ᠶᠢ ᠴᠡᠪᠡᠷᠰᠢᠭᠦᠯᠬᠦ ᠶᠢᠨ ᠬᠠᠮᠲᠤ ᠠᠵᠤ ᠦᠢᠯᠡᠳᠪᠦᠷᠢ ᠶᠢᠨ ᠾᠯᠣᠷᠲᠤ ᠨᠠᠲᠷᠢ ᠪᠠ ᠠᠵᠤ ᠦᠢᠯᠡᠳᠪᠦᠷᠢ ᠶᠢᠨ ᠬᠦᠬᠦᠷ ᠬᠦᠴᠢᠯ ᠤᠨ ᠨᠠᠲᠷᠢ ᠶᠢ ᠦᠢᠯᠡᠳᠪᠤᠷᠢᠯᠡᠵᠦ᠂ ︽ᠬᠠᠶᠠᠭᠳᠠᠮᠠᠯ ᠪᠣᠳᠠᠰ︾ ᠢ ︽ᠦᠢᠯᠡᠳᠬᠦᠨ︾ ᠪᠣᠯᠭᠠᠨ᠂ ᠬᠦᠷᠢᠶᠡᠯᠡᠩ ᠲᠣᠭᠤᠷᠢᠭ ᠤᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠶ᠂ ᠥᠨᠳᠥᠷ ᠳᠠᠷᠤᠯᠲᠠᠲᠤ ᠠᠭᠤᠷ ᠵᠡᠷᠭᠡ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠶ ᠮᠠᠲ᠋ᠧᠷᠢᠶᠠᠯ ᠤᠨ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠤᠰᠤ ᠶᠢ ᠡᠭᠡᠭᠦᠯᠦᠨ ᠬᠡᠷᠡᠭᠯᠡᠬᠦ᠂ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠶ᠂ ᠪᠦᠳᠦᠭᠦᠯᠢᠭ ᠪᠧᠨ᠋ᠽᠧᠨ ᠢ ᠳᠠᠬᠢᠨ ᠠᠰᠢᠭᠯᠠᠬᠤ᠂ ᠨᠡᠭᠦᠷᠡᠰᠦᠨ ᠬᠡᠶ ᠶᠢ ᠳᠠᠬᠢᠨ ᠠᠰᠢᠭᠯᠠᠬᠤ᠂ ᠢᠯᠴᠢ ᠶᠢ  ᠳᠠᠬᠢᠨ ᠠᠰᠢᠭᠯᠠᠵᠤ ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡ ᠶᠢᠨ ᠬᠡᠯᠬᠢᠶ᠎ᠡ ᠶᠢ ᠪᠣᠶ ᠪᠣᠯᠭᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ