ᠬᠥᠬᠡᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠤᠰᠬᠠᠶ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/10/28
       ︵ᠰᠤᠷᠪᠤᠯᠵᠢᠯᠠᠭᠴᠢ ᠯᠢᠶᠠᠩ ᠵᠢᠩ ᠱᠥ︶ ᠬᠥᠬᠡᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠠᠷᠠᠳ ᠲᠤ ᠳᠥᠭᠦᠮ ᠦᠵᠡᠭᠦᠯᠬᠦ  ᠬᠠᠯᠠᠮᠰᠢᠯ ᠤᠲᠠᠰᠤᠨ ᠤ ᠲᠤᠰᠬᠠᠢ ᠪᠣᠯᠪᠠᠰᠤᠷᠠᠯ ᠤᠨ ᠠᠩᠭᠢ ᠡᠷᠬᠢᠯᠡᠪᠡ᠃ ᠲᠤᠰᠬᠠᠶ ᠪᠣᠯᠪᠠᠰᠤᠷᠠᠯ ᠤᠨ ᠠᠩᠭᠢ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠬᠤᠶᠠᠷ ᠵᠦᠢᠯ ᠤᠨ ᠬᠡᠯᠪᠡᠷᠢ ᠪᠠᠷ ᠶᠠᠪᠤᠭᠳᠠᠪᠠ᠃ 12345 ᠬᠠᠯᠠᠮᠰᠢᠯ ᠤᠲᠠᠰᠤ ᠪᠣᠯᠣᠨ ᠬᠥᠬᠡᠬᠤᠲᠠ ᠶᠢᠨ  ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ 80 ᠭᠠᠷᠤᠢ ᠨᠢᠭᠡᠴᠢ ᠨᠡᠶᠢᠲᠡ 600 ᠭᠠᠷᠤᠢ ᠬᠥᠮᠥᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠤᠲᠠᠰᠤ ᠶᠢᠨ ᠲᠤᠰᠬᠠᠶ ᠠᠩᠭᠢ ᠶᠢᠨ ᠬᠡᠰᠡᠭ ᠠᠵᠢᠯᠲᠠᠳ  ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠤᠷᠢᠯᠭ᠎ᠠ ᠪᠠᠷ ᠰᠤᠷᠤᠯᠴᠠᠯᠭ᠎ᠠ ᠰᠣᠯᠢᠯᠴᠠᠭᠠᠨ ᠳᠤ ᠣᠷᠣᠯᠴᠠᠪᠠ᠃      ᠲᠣᠰ ᠤᠳᠠᠭᠠᠨ ᠤ ᠪᠣᠯᠪᠠᠰᠤᠷᠠᠯ ᠨᠢ ᠵᠢᠷᠤᠭ ᠪᠢᠴᠢᠭ ᠢᠶᠠᠷ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠲᠤᠬᠠᠶ ᠶᠢᠨ ᠲᠠᠯᠠᠪᠤᠷ ᠲᠤ ᠬᠠᠷᠢᠯᠴᠠᠨ ᠬᠥᠳᠡᠯᠦᠯᠴᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠬᠥᠭᠵᠢᠯᠲᠡ ᠶᠢᠨ ᠶᠠᠪᠤᠴᠠ ᠶᠢ ᠲᠠᠨᠢᠯᠴᠠᠭᠤᠯᠬᠤ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠦᠢᠯᠡᠴᠢᠯᠡᠭᠡᠨ ᠤ ᠳᠦᠷᠢ ᠲᠥᠷᠬᠦ ᠶᠢ ᠱᠤᠭᠤᠬᠤ᠂ ᠨᠡᠪᠲᠡᠷᠡᠯᠴᠡᠬᠦ ᠤᠷᠠᠯᠢᠭ ᠤᠨ ᠤᠷ᠎ᠠ ᠮᠡᠷᠭᠡᠵᠢᠯ ᠶᠢ ᠰᠤᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠭᠦᠨᠵᠡᠭᠡᠶ ᠪᠥᠭᠡᠳ ᠣᠶᠢᠯᠠᠭᠠᠮᠵᠢᠲᠠᠶ ᠵᠠᠳᠠᠯᠤᠯᠲᠠ ᠲᠠᠶᠢᠯᠪᠤᠷᠢᠯᠠᠯᠲᠠ ᠬᠢᠵᠡᠶ᠃ ᠡᠭᠦᠨ ᠤ ᠬᠠᠮᠲᠤ᠂ ᠣᠳᠣᠬᠠᠨ ᠤ ᠬᠠᠯᠠᠮᠰᠢᠯ ᠤᠲᠠᠰᠤᠨ ᠤ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠠᠯ ᠪᠠ ᠲᠦᠭᠵᠢᠷᠡᠯ ᠴᠡᠭ ᠵᠢᠴᠢ ᠣᠷᠣᠰᠢᠵᠤ ᠪᠠᠶᠢᠭ᠎ᠠ ᠳᠤᠲᠠᠭᠳᠠᠯ ᠪᠠ ᠪᠠᠭᠤᠷᠠᠶ ᠲᠠᠯ᠎ᠠ ᠶᠢᠨ ᠲᠣᠭᠤᠷᠢᠨ ᠳᠤ ᠬᠠᠨᠳᠤᠯᠭᠠᠲᠤ ᠴᠢᠨᠠᠷᠲᠠᠶ ᠪᠠᠷ ᠰᠣᠳᠣᠯᠣᠨ ᠰᠣᠯᠢᠯᠴᠠᠪᠠ᠃      ᠣᠯᠠᠨ ᠢᠶᠠᠷ ᠢᠶᠠᠨ ᠲᠣᠰ ᠤᠳᠠᠭᠠᠨ ᠤ ᠪᠣᠯᠪᠠᠰᠤᠷᠠᠯ ᠨᠢ ᠣᠯᠠᠨ ᠲᠦᠮᠡᠨ ᠳᠤ ᠬᠠᠯᠠᠮᠰᠢᠯ ᠤᠲᠠᠰᠤᠨ ᠤ ᠠᠵᠢᠯ ᠤᠨ ᠬᠠᠮᠤᠭ ᠤᠨ ᠰᠢᠨ᠎ᠡ ᠱᠠᠭᠠᠷᠳᠠᠯᠭ᠎ᠠ ᠶᠢ ᠨᠠᠩ ᠲᠣᠳᠣᠷᠬᠠᠶ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠪᠠᠰᠠ ᠲᠣᠰ ᠪᠡᠶ᠎ᠡ ᠶᠢᠨ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠰᠤᠷᠤᠭᠰᠠᠨ ᠮᠡᠳᠡᠯᠭᠡ ᠪᠠᠨ ᠪᠣᠳᠠᠲᠠᠶ ᠠᠵᠢᠯ ᠤᠨ ᠳᠤᠮᠳᠠ ᠬᠡᠷᠡᠭᠯᠡᠵᠦ᠂ ᠨᠠᠩ ᠲᠤᠰᠬᠠᠶ ᠮᠡᠷᠭᠡᠵᠢᠯ ᠪᠠ ᠬᠥᠮᠦᠨᠴᠢ ᠴᠢᠨᠠᠷᠲᠠᠶ ᠦᠢᠯᠡᠴᠢᠯᠡᠭᠡ ᠪᠠᠷ ᠣᠯᠠᠨ ᠲᠦᠮᠡᠨ ᠤ ᠬᠤᠭᠤᠷᠣᠨᠳᠣᠬᠢ ︽ᠬᠥᠭᠦᠷᠭᠡ︾ ᠶᠢ ᠪᠠᠶᠢᠭᠤᠯᠬᠤ ᠪᠠᠷ ᠴᠢᠷᠮᠠᠶᠢᠨ᠎ᠠ ᠭᠡᠵᠦ ᠢᠯᠡᠳᠬᠡᠵᠡᠭᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ