ᠰᠢᠨ᠎ᠡ ᠬᠤᠲᠠ ᠲᠣᠭᠤᠷᠢᠭ ᠨᠢ ᠴᠡᠩᠭᠡᠯ ᠤᠨ ᠬᠦᠷᠢᠶᠡᠯᠡᠩ ᠳᠤ ᠵᠤᠭ᠎ᠠ ᠴᠡᠩᠭᠡᠯ ᠤᠨ ᠲᠥᠬᠦᠭᠡᠷᠦᠮᠵᠢ ᠶᠢ ︽ᠡᠷᠭᠢᠵᠦ ᠦᠵᠡᠬᠦ︾ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/10/29
      ︵ᠰᠤᠷᠪᠤᠯᠵᠢᠯᠠᠭᠴᠢ ᠴᠢ ᠰᠢᠶᠣᠣ ᠶᠠᠨ︶ ᠣᠶᠢᠷ᠎ᠠ ᠳᠤ᠂ ᠰᠢᠨ᠎ᠡ ᠬᠤᠲᠠ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ᠂ ᠰᠢᠨ᠎ᠡ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠡᠩᠭᠡᠯ ᠤᠨ ᠬᠦᠷᠢᠶᠡᠯᠡᠩ ᠤᠨ ᠵᠤᠭ᠎ᠠ ᠴᠡᠩᠭᠡᠯ ᠤᠨ ᠲᠥᠬᠦᠭᠡᠷᠦᠮᠵᠢ ᠳᠤ ︽ᠡᠷᠭᠢᠵᠦ ᠦᠵᠡᠬᠦ︾ ᠪᠠᠶᠢᠴᠠᠭᠠᠯᠲᠠ ᠬᠢᠵᠡᠢ᠃ ᠡᠮᠦᠨᠡᠬᠢ ᠲᠤᠰᠬᠠᠶ ᠪᠠᠶᠢᠴᠠᠭᠠᠯᠲᠠ ᠶᠢᠨ ᠰᠠᠭᠤᠷᠢᠨ ᠳᠡᠭᠡᠷ᠎ᠡ᠂ ᠲᠣᠰ ᠤᠳᠠᠭᠠᠨ ᠤ ︽ᠡᠷᠭᠢᠵᠦ ᠦᠵᠡᠬᠦ︾ ᠪᠠᠶᠢᠴᠠᠭᠠᠯᠲᠠ ᠶᠢᠨ ᠵᠣᠷᠢᠯᠭ᠎ᠠ ᠨᠢ ᠵᠤᠭ᠎ᠠ ᠴᠡᠩᠭᠡᠯ ᠤᠨ ᠲᠥᠬᠦᠭᠡᠷᠦᠮᠵᠢ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠪᠠᠶᠢᠴᠠᠭᠠᠬᠤ ᠶᠢᠨ ᠬᠠᠮᠲᠤ ᠭᠠᠷᠴᠤ ᠮᠡᠳᠡᠬᠦ ᠰᠢᠨ᠎ᠡ ᠠᠰᠠᠭᠤᠳᠠᠯ ᠢ ᠤᠷᠢᠳᠴᠢᠯᠠᠨ ᠵᠠᠰᠠᠬᠤ ᠪᠣᠯᠤᠨ᠎ᠠ᠃      ᠪᠠᠶᠢᠴᠠᠭᠠᠬᠤ ᠶᠠᠪᠤᠴᠠ ᠳᠤ᠂ ᠤᠷᠢᠳ ᠢᠶᠠᠷ ᠳᠡᠭᠡᠷ᠎ᠡ ᠤᠳᠠᠭᠠᠨ ᠤ ᠪᠠᠶᠢᠴᠠᠭᠠᠯᠲᠠ ᠳᠤᠮᠳᠠ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ ᠴᠡᠩᠭᠡᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠲᠠᠯ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠪᠠ᠃ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠢ ᠨᠢᠭᠡ ᠨᠢᠭᠡ ᠪᠠᠷ ᠨᠤᠲᠠᠯᠠᠬᠤ ᠶᠢᠨ ᠬᠠᠮᠲᠤ ᠂ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠵᠤᠭ᠎ᠠ ᠴᠡᠩᠭᠡᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠳᠠᠬᠢᠨᠲᠠ ᠪᠠᠶᠢᠴᠠᠭᠠᠵᠤ᠂ ᠵᠤᠭ᠎ᠠ ᠴᠡᠩᠭᠡᠯ ᠤᠨ ᠲᠥᠬᠦᠭᠡᠷᠦᠮᠵᠢ ᠢᠮᠠᠭᠲᠠ ᠬᠡᠪ ᠤᠨ ᠠᠵᠢᠯᠯᠠᠭᠠᠨ ᠤ ᠪᠠᠶᠢᠳᠠᠯ ᠳᠤ ᠪᠠᠶᠢᠬᠤ ᠶᠢ ᠪᠠᠲᠤᠯᠠᠬᠤ ᠶᠢᠨ ᠬᠠᠮᠲᠤ ᠬᠠᠮᠢᠶᠠᠷᠤᠯᠲᠠ ᠶᠢᠨ ᠲᠠᠯ᠎ᠠ ᠳᠤ ᠵᠤᠭ᠎ᠠ ᠴᠡᠩᠭᠡᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠴᠢᠬᠤᠯᠠ ᠴᠢᠨᠠᠷ ᠢ ᠴᠢᠬᠤᠯᠠᠴᠢᠯᠠᠨ ᠰᠠᠨᠠᠭᠤᠯᠵᠤ᠂ ᠬᠠᠮᠢᠶᠠᠷᠤᠯᠲᠠ ᠶᠢᠨ ᠲᠠᠯ᠎ᠠ ᠶᠢ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠬᠤ ᠶᠢ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ