ᠬᠠᠳᠤᠨ ᠭᠤᠣᠯ ᠢ ᠬᠠᠮᠲᠤ ᠪᠠᠷ ᠬᠠᠮᠠᠭᠠᠯᠠᠵᠤ ᠠᠮᠢ ᠠᠬᠤᠢ ᠶᠢᠨ ᠬᠠᠯᠬᠠᠪᠴᠢ ᠶᠢ ᠪᠠᠲᠤ ᠴᠣᠭᠴᠠᠯᠠᠶ᠎ᠠ
ᠨᠡᠶᠢᠲᠡᠯᠡᠭᠰᠡᠨ ᠴᠠᠭ᠄
2024/10/30
24e89eca-8450-4ccc-853e-f5c6b6eee17c.jpg
--︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠳᠤ ᠬᠦᠴᠦᠨ ᠨᠡᠮᠡᠷᠢᠯᠡᠵᠦ ᠡᠬᠡ ᠭᠤᠤᠯ ᠢᠶᠠᠨ ᠬᠠᠮᠠᠭᠠᠯᠠᠶ᠎ᠠ -- ᠪᠢᠳᠡ ᠬᠦᠳᠡᠯᠦᠯᠴᠡᠵᠦ ᠪᠠᠶᠢᠨ᠎ᠠ︾ ᠬᠥᠬᠡᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠡᠬᠢᠯᠡᠪᠡ      10 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠡᠪᠯᠡᠯ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠲᠥᠪ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠮᠲᠤ ᠪᠠᠷ ᠲᠤᠭᠳᠠᠬᠤ ᠰᠢᠶᠠᠨ ᠤ ᠬᠤᠤ ᠵᠢᠶᠠ ᠶᠣᠣ ᠲᠣᠰᠬᠤᠨ ᠤ ᠱᠧᠨ ᠴᠢᠤᠸᠠᠨ ᠱᠧᠨ ᠶᠦᠨ ᠲᠠᠯᠠᠪᠠᠶ ᠳᠤ ︽︿ᠤᠮᠠᠷᠠᠲᠤ ᠶᠢᠨ ᠭᠤᠷᠪᠠᠨ ᠣᠷᠣᠨ﹀ ᠢᠨᠵᠧᠨᠧᠷᠢᠩ ᠳᠤ ᠬᠦᠴᠦᠨ ᠨᠡᠮᠡᠷᠢᠯᠡᠵᠦ · ᠡᠬᠡ ᠭᠤᠤᠯ ᠢᠶᠠᠨ ᠬᠠᠮᠠᠭᠠᠯᠠᠶ᠎ᠠ︾ ᠬᠥᠬᠡᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠡᠷᠭᠢᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠴᠢ ᠭᠤᠣᠯ ᠢ ᠲᠣᠭᠤᠷᠢᠨ ᠪᠠᠶᠢᠴᠠᠭᠠᠬᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠢᠬᠦ᠂ ᠭᠤᠣᠯ ᠤᠨ ᠬᠤᠭ ᠢ ᠴᠡᠪᠡᠷᠯᠡᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠵᠦ᠂ ᠪᠣᠳᠠᠲᠠᠢ ᠠᠵᠢᠯᠯᠠᠭ᠎ᠠ ᠪᠠᠷ ᠢᠶᠠᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠪᠠ᠃ᠰᠣᠷᠪᠤᠯᠵᠢᠯᠠᠬᠴᠢ ᠯᠢᠣᠢ ᠡᡁᠦ᠋ᠢ ᠱᠧᠩ ᠰᠠᠭᠦᠲᠠᠷᠯᠠᠪᠠ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ