ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠬᠥᠮᠦᠨ ᠠᠴᠢᠭᠰᠠᠨ ᠨᠢᠰᠦᠯᠲᠡ ᠶᠢᠨ ᠡᠭᠦᠷᠭᠡ ᠶᠢᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠢ 29 ᠤ | ᠡᠳᠦᠷ ᠵᠢᠦᠴᠢᠤᠸᠠᠨ ᠳᠠᠭᠠᠭᠤᠯᠢ ᠣᠳᠣ ᠬᠠᠷᠪᠤᠬᠤ ᠲᠥᠪ ᠲᠤ ᠶᠠᠪᠤᠭᠳᠠᠭᠤᠯᠵᠠᠢ᠃ ᠳᠤᠮᠳᠠᠳᠤ ᠤᠯᠤᠰ ᠤᠨ ᠬᠥᠮᠦᠨ ᠠᠴᠢᠭᠰᠠᠨ ᠰᠠᠨᠰᠠᠷ ᠠᠶᠠᠯᠠᠯ ᠤᠨ | ᠢᠨᠵᠧᠨᠧᠷᠢᠩ ᠤᠨ ᠰᠣᠨᠢᠨ ᠮᠡᠳᠡᠭᠡ ᠥᠭᠦᠯᠡᠭᠴᠢ ᠯᠢᠨ ᠰᠢ ᠴᠢᠶᠠᠩ ᠬᠤᠷᠠᠯ ᠳᠡᠭᠡᠷ᠎ᠡ ᠢᠯᠡᠷᠬᠡᠶᠢᠯᠡᠭᠰᠡᠨ ᠢᠶᠠᠷ᠂ ᠡᠭᠦᠷᠭᠡ ᠶᠢᠨ ᠶᠡᠷᠦᠩᠬᠡᠶ ᠵᠢᠯᠣᠭᠤᠳᠬᠤ ᠭᠠᠵᠠᠷ ᠠᠴᠠ | ᠪᠡᠭᠡᠵᠢᠩ ᠤᠨ ᠴᠠᠭ ᠢᠶᠠᠷ 10 ᠳ᠋ᠤᠭᠠᠷ ᠰᠠᠷ᠎ᠠ ᠶᠢᠨ 30 ᠤ ᠡᠳᠦᠷ ᠤᠨ 4 ᠴᠠᠭ 27 ᠮᠢᠨᠦ᠋ᠲ ᠲᠤ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ | ᠠᠴᠢᠭᠰᠠᠨ ᠨᠢᠰᠬᠦ ᠣᠩᠭᠤᠴᠠ ᠶᠢ ᠬᠠᠷᠪᠤᠬᠤ ᠪᠠᠷ ᠰᠤᠳᠤᠯᠤᠨ ᠲᠣᠭᠲᠠᠭᠠᠪᠠ᠃ | ᠳᠤᠮᠲᠠᠲᠦ ᠤᠯᠤᠰ ᠤᠨ ᠬᠦᠮᠦᠨ ᠠᠴᠢᠭᠰᠠᠨ ᠰᠠᠨᠰᠠᠷ ᠠᠶᠠᠯᠠᠯ ᠤᠨ ᠢᠨᠵᠧᠨᠧᠷᠢᠩ ᠤᠨ ᠠᠯᠪᠡᠨ ᠭᠡᠷ ᠤᠨ ᠮᠡᠲᠡᠭᠡ ᠶᠢ ᠦᠨᠲᠦᠰᠦᠯᠡᠪᠡᠯ᠂ ᠡᠭᠦᠷᠬᠡ ᠶᠢᠨ ᠶᠡᠷᠦᠩᠭᠡᠢ | ᠵᠢᠯᠤᠭᠤᠳᠬᠤ ᠭᠠᠵᠠᠷ ᠠᠴᠠ ᠬᠤᠪᠢᠯᠭᠠᠨ ᠣᠩᠭᠤᠴᠠ ᠠᠷᠪᠠ ᠶᠢᠰᠦᠲᠦᠬᠡᠷ ᠤᠨ ᠬᠦᠮᠦᠨ ᠠᠴᠢᠭᠰᠠᠨ ᠰᠠᠨᠰᠠᠷ ᠠᠶᠠᠯᠠᠯ ᠤᠨ ᠡᠭᠦᠷᠬᠡ ᠶᠢ ᠭᠦᠢᠴᠡᠳᠬᠡᠭᠦ | ᠰᠠᠨᠰᠠᠷᠴᠢᠳ ᠤᠨ ᠳᠤᠭᠤᠶᠢᠯᠠᠩ ᠨᠢ ᠼᠠᠢ ᠰᠢᠤᠢ ᠵᠧ᠂ ᠰᠦᠩ ᠯᠢᠩ ᠳ᠋ᠦᠩ᠂ ᠸᠠᠩ ᠬᠤᠤ ᠽᠧ 3 ᠰᠠᠨᠰᠠᠷᠴᠢᠨ ᠢᠶᠠᠷ ᠪᠦᠷᠢᠯᠲᠤᠵᠦ᠂ ᠼᠠᠢ ᠰᠢᠤᠢ ᠵᠧ ᠶᠢ | ᠵᠠᠷᠯᠢᠭᠲᠠᠨ ᠤ ᠲᠤᠰᠢᠶᠠᠯ ᠡᠭᠦᠷᠭᠡᠯᠡᠭᠦᠯᠬᠦ ᠪᠠᠷ ᠲᠣᠭᠲᠠᠭᠠᠪᠠ᠃ ᠡᠭᠦᠨ ᠳᠤ ᠰᠠᠨᠰᠠᠷᠴᠢᠨ ᠼᠠᠢ ᠰᠢᠤᠶ ᠵᠧ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠤᠨ | ᠬᠥᠮᠦᠨ ᠠᠴᠢᠭᠰᠠᠨ ᠨᠢᠰᠦᠯᠲᠡ ᠶᠢᠨ ᠡᠭᠦᠷᠭᠡ ᠶᠢ ᠭᠦᠢᠴᠡᠳᠬᠡᠵᠦ ᠥᠩᠭᠡᠷᠡᠵᠡᠶ︔ ᠰᠠᠨᠰᠠᠷᠴᠢᠨ ᠰᠥᠩ ᠯᠢᠩ ᠳ᠋ᠦᠩ᠂ ᠰᠠᠨᠰᠠᠷᠴᠢᠨ ᠸᠠᠩ ᠬᠤᠤ ᠽᠧ ᠨᠢ | ᠨᠢᠰᠦᠯᠲᠡ ᠶᠢᠨ ᠡᠭᠦᠷᠭᠡ ᠶᠢ ᠠᠩᠬ᠎ᠠ ᠤᠳᠠᠭ᠎ᠠ ᠭᠦᠢᠴᠡᠳᠬᠡᠬᠦ ᠭᠡᠵᠦ ᠪᠠᠶᠢᠭ᠎ᠠ ᠶᠡᠷᠡᠭᠡᠳ ᠣᠨ ᠳᠤ ᠲᠥᠷᠥᠭᠰᠡᠳ ᠪᠥᠭᠡᠳ ᠰᠠᠨᠰᠠᠷᠴᠢᠨ ᠸᠠᠩ ᠬᠤᠤ ᠽᠧ ᠨᠢ ᠮᠠᠨ ᠤ | ᠤᠯᠤᠰ ᠤᠨ ᠰᠠᠨᠰᠠᠷ ᠠᠶᠠᠯᠠᠯ ᠤᠨ ᠠᠩᠬᠠᠳᠠᠭᠴᠢ ᠡᠮᠡᠭᠲᠡᠢ ᠢᠨᠵᠧᠨᠧᠷ ᠪᠣᠯᠣᠨ᠎ᠠ᠃ | |