ᠬᠤᠲᠠ ᠶᠢᠨ ᠡᠳ᠋ ᠤᠨ ᠵᠠᠰᠠᠭ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/10/31
      ︵ᠰᠤᠷᠪᠤᠯᠵᠢᠯᠠᠭᠴᠢ ᠰᠦᠩ ᠰᠢᠶᠠᠩ ᠬᠤᠸᠠ︶ ︽ᠬᠥᠬᠡᠬᠤᠲᠠ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠠᠷᠪᠠᠨ ᠵᠦᠢᠯ ᠤᠨ ᠠᠷᠭ᠎ᠠ ᠬᠡᠮᠵᠢᠶ᠎ᠡ︾ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠣᠨ ᠤ ᠲᠥᠪ ᠬᠤᠲᠠ ᠶᠢᠨ ᠡᠳ᠋ ᠤᠨ ᠵᠠᠰᠠᠭ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠲᠥᠷᠥ ᠶᠢᠨ ᠪᠣᠳᠣᠯᠭ᠎ᠠ ᠶᠢᠨ ᠪᠡᠶᠡᠯᠡᠭᠳᠡᠬᠦ ᠶᠢ ᠳᠡᠮᠵᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠨ ᠨᠡᠮᠡᠷᠢᠯᠡᠪᠡ᠃ 2024 ᠣᠨ ᠳᠤ᠂ ᠥᠪᠥᠷ ᠮᠣᠩᠭᠤᠯ ᠤᠨ ᠶᠢᠨ ᠢᠦᠶ ᠪᠦᠦ ᠯᠢᠩ ᠠᠮᠢᠳᠤ ᠪᠣᠳᠠᠰ ᠤᠨ ᠡᠮ ᠤᠨ ᠬᠢᠵᠠᠭᠠᠷᠲᠤ ᠺᠣᠮᠫᠠᠨᠢ ᠵᠡᠷᠭᠡ 13 ᠺᠣᠮᠫᠠᠨᠢ ᠳᠤ ᠨᠡᠶᠢᠯᠡᠮᠡᠯ ᠠᠮᠢᠳᠤ ᠪᠣᠳᠠᠰ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ᠂ ᠸᠠᠺᠼᠢᠨ ᠢ ᠬᠡᠷᠡᠭᠯᠡᠬᠦ ᠱᠠᠩᠨᠠᠯ᠂ ᠪᠣᠬᠢᠷ ᠤᠰᠤ ᠰᠢᠢᠳᠪᠦᠷᠢᠯᠡᠭᠰᠡᠨ ᠨᠥᠬᠦᠪᠥᠷᠢ ᠵᠡᠷᠭᠡ ᠨᠡᠶᠢᠲᠡ 2461 ᠲᠦᠮᠡᠨ ᠲᠥᠭᠦᠷᠢᠭ ᠲᠦᠯᠦᠵᠦ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠤᠯ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠵᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ