︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠭᠠᠶᠢᠯᠢ ᠪᠠᠲᠤᠯᠠᠬᠤ ᠦᠵᠡᠭᠦᠯᠭᠡ ᠶᠢᠨ | ᠳᠡᠯᠭᠡᠭᠦᠷ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠣᠯᠠᠨ ᠤᠯᠤᠰ ᠤᠨ ᠠᠷᠠᠯᠵᠢᠶᠠᠨ ᠤ ᠲᠥᠪ ᠤᠨ ᠲᠣᠮᠣ ᠠᠰᠠᠷ ᠤᠨ ᠨᠢᠭᠡᠳᠦᠭᠡᠷ ᠳᠠᠪᠬᠤᠷ ᠲᠤ | ᠲᠤᠷᠰᠢᠨ ᠡᠵᠡᠩᠨᠡᠪᠡ᠃ ᠲᠣᠰ ᠳᠡᠯᠭᠡᠭᠦᠷ ᠤᠨ ᠡᠵᠡᠯᠡᠬᠦ ᠲᠠᠯᠠᠪᠠᠶ ᠨᠢ ᠪᠠᠷᠤᠭ 100 ᠲᠡᠭᠰᠢ ᠳᠥᠷᠪᠡᠯᠵᠢᠨ ᠮᠧᠲᠷ ᠪᠠᠶᠢᠵᠤ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ | ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠪᠠ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠲᠠᠸᠠᠷ ᠢ ᠳᠡᠯᠭᠡᠨ ᠦᠵᠡᠭᠦᠯᠬᠦ ᠪᠠ ᠪᠡᠶᠡᠴᠢᠯᠡᠨ ᠣᠶᠢᠯᠠᠭᠠᠬᠤ ᠶᠢ ᠲᠡᠭᠦᠰ ᠰᠠᠶᠢᠬᠠᠨ ᠤᠶᠠᠯᠳᠤᠭᠤᠯᠵᠤ᠂ ᠬᠡᠷᠡᠭᠯᠡᠭᠴᠢᠳ ᠲᠤ ᠰᠦᠯᠵᠢᠶᠡᠨ ᠭᠠᠳᠠᠨ᠎ᠠ ᠪᠡᠶᠡᠴᠢᠯᠡᠨ ᠣᠶᠢᠯᠠᠭᠠᠬᠤ᠂ | ᠰᠦᠯᠵᠢᠶᠡᠨ ᠳᠡᠭᠡᠷ᠎ᠡ ᠬᠤᠳᠠᠯᠳᠤᠨ ᠠᠪᠬᠤ᠂ ᠲᠦᠷᠭᠡᠨ ᠲᠤᠰᠢᠶᠠᠵᠤ ᠭᠦᠢᠴᠡᠳᠭᠡᠬᠦ ᠨᠢᠭᠡ ᠥᠷᠲᠡᠭᠡ ᠮᠠᠶ᠋ᠢᠭ ᠤᠨ ᠬᠡᠷᠡᠭᠯᠡᠭᠡᠨ ᠤ ᠰᠢᠨ᠎ᠡ ᠪᠠᠶᠢᠳᠠᠯ ᠢ ᠬᠠᠩᠭᠠᠵᠤ᠂ ᠬᠥᠬᠡᠬᠤᠲᠠ ᠶᠢᠨ | ᠤᠷᠤᠨ ᠨᠤᠲᠤᠭ ᠤᠨ ᠭᠠᠳᠠᠭᠠᠳᠤ ᠠᠴᠠ ᠤᠷᠤᠭᠤᠯᠬᠤ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠬᠡᠷᠡᠭᠯᠡᠭᠡᠨ ᠤ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠶᠢ | ᠪᠣᠶ ᠪᠣᠯᠭᠠᠭᠰᠠᠨ ᠢ ᠬᠠᠷᠠᠭᠤᠯᠵᠤ ᠪᠠᠶᠢᠨ᠎ᠠ᠃ | ᠬᠥᠬᠡᠬᠤᠲᠠ ᠶᠢᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠭᠠᠶᠢᠯᠢ ᠪᠠᠲᠤᠯᠠᠬᠤ ᠳᠡᠯᠭᠡᠨ ᠦᠵᠡᠭᠦᠯᠭᠡ ᠶᠢᠨ ᠳᠡᠯᠭᠡᠭᠦᠷ ᠨᠢ ︽ᠳᠡᠯᠭᠡᠭᠦᠷ ᠬᠥᠮᠥᠷᠭᠡ | ᠬᠤᠯᠪᠤᠭᠠᠯᠠᠬᠤ︾ ᠵᠠᠭᠪᠤᠷ ᠢ ᠬᠡᠷᠡᠭᠯᠡᠨ᠂ ᠡᠶᠢᠮᠦᠷᠬᠦ ᠰᠢᠨ᠎ᠡ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠵᠠᠭᠪᠤᠷ ᠨᠢ ᠬᠡᠷᠡᠭᠯᠡᠭᠴᠢᠳ ᠤᠨ | ᠪᠠᠷᠠᠭ᠎ᠠ ᠶᠢ ᠪᠡᠶᠡᠴᠢᠯᠡᠨ ᠣᠶᠢᠯᠠᠭᠠᠬᠤ ᠪᠣᠳᠠᠲᠤ ᠴᠣᠭᠴᠠ ᠶᠢᠨ ᠵᠢᠵᠢᠭᠯᠡᠨ ᠬᠤᠳᠠᠯᠳᠤᠬᠤ ᠳᠡᠯᠭᠡᠭᠦᠷ ︵ᠡᠮᠦᠨᠡᠬᠢ ᠳᠡᠯᠭᠡᠭᠦᠷ︶ ᠬᠢᠭᠡᠳ ᠶᠡᠭᠡ ᠪᠠᠭᠲᠠᠭᠠᠮᠵᠢ ᠲᠠᠢ ᠪᠠᠷᠠᠭᠠᠨ ᠤ ᠬᠥᠮᠥᠷᠭᠡ | ︵ᠠᠷᠤ ᠶᠢᠨ ᠬᠥᠮᠥᠷᠭᠡ︶ ᠶᠢ ᠰᠢᠭᠤᠳ ᠬᠤᠯᠪᠣᠵᠤ᠂ ᠣᠨᠴᠠ ᠵᠠᠷᠢᠮ ᠪᠣᠳᠠᠲᠤ ᠴᠣᠭᠴᠠ ᠶᠢᠨ ᠳᠡᠯᠭᠡᠭᠦᠷ ᠤᠨ ᠳᠡᠯᠭᠡᠭᠦᠷ ᠤᠨ ᠣᠷᠣᠨ ᠵᠠᠶ ᠶᠢᠨ ᠪᠠᠭᠲᠠᠭᠠᠮᠵᠢ ᠶᠢᠨ ᠬᠢᠵᠠᠭᠠᠷ ᠠᠴᠠ | ᠪᠣᠯᠵᠣ ᠲᠣᠰ ᠪᠡᠶ᠎ᠡ ᠶᠢᠨ ᠬᠥᠭᠵᠢᠯᠲᠡ ᠶᠢ ᠨᠥᠯᠥᠭᠡᠯᠡᠬᠦ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠪᠡ᠃ | ᠣᠶᠢᠯᠠᠭᠠᠭᠰᠠᠨ ᠢᠶᠠᠷ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠭᠠᠶᠢᠯᠢ ᠪᠠᠲᠤᠯᠠᠬᠤ ᠦᠵᠡᠭᠦᠯᠭᠡ ᠶᠢᠨ ᠳᠡᠯᠭᠡᠭᠦᠷ ᠲᠤ᠂ ᠶᠠᠫᠣᠨ᠂ ᠺᠣᠷᠢᠶᠠ᠂ ᠣᠷᠣᠰ᠂ | ᠠᠮᠧᠷᠢᠺᠠ᠂ ᠮᠣᠩᠭᠤᠯ ᠤᠯᠤᠰ ᠵᠡᠷᠭᠡ ᠣᠯᠠᠨ ᠤᠯᠤᠰ ᠤᠨ 300 ᠭᠠᠷᠤᠶ ᠵᠦᠢᠯ ᠤᠨ ᠪᠣᠷᠣᠯᠠᠭᠤᠯᠭ᠎ᠠ ᠰᠠᠶᠢᠲᠠᠶ ᠲᠠᠸᠠᠷ ᠪᠠᠶᠢᠵᠤ᠂ ᠳᠤᠮᠳᠠ ᠳᠡᠭᠡᠳᠦ ᠳᠡᠰ ᠤᠨ ᠭᠤᠶᠣᠯᠠᠯ ᠤᠨ ᠡᠳ᠋᠂ | ᠡᠳᠦᠷ ᠲᠤᠲᠤᠮ ᠤᠨ ᠬᠡᠷᠡᠭᠰᠡᠯ᠂ ᠡᠮ ᠤᠨ ᠵᠦᠢᠯ᠂ ᠠᠮᠢᠳᠤᠷᠠᠯ ᠤᠨ ᠬᠡᠷᠡᠭᠰᠡᠯ᠂ ᠰᠡᠯᠡᠭᠦᠴᠡᠯ ᠤᠨ ᠢᠳᠡᠭᠡᠨ᠂ ᠠᠷᠢᠬᠢ ᠤᠮᠳᠠᠭᠠᠨ ᠵᠡᠷᠭᠡ ᠡᠳᠦᠷ ᠲᠤᠲᠤᠮ ᠤᠨ ᠬᠡᠷᠡᠭᠯᠡᠭᠡᠨ ᠤ | ᠵᠦᠢᠯ ᠢ ᠬᠠᠮᠤᠷᠴᠤ᠂ ᠬᠡᠷᠡᠭᠯᠡᠭᠴᠢᠳ ᠤᠨ ᠣᠯᠠᠨ ᠡᠰᠢᠵᠢᠭᠰᠡᠨ ᠬᠡᠷᠡᠭᠴᠡᠭᠡ ᠶᠢ ᠭᠦᠢᠴᠡᠳ ᠬᠠᠩᠭᠠᠪᠠ᠃ | |