ᠬᠥᠬᠡᠬᠤᠲᠠ ᠶᠢᠨ ᠠᠩᠬᠠᠳᠠᠭᠴᠢ ︽ᠨᠠᠷᠠᠨ ᠬᠤᠸᠠᠷ ᠡᠴᠢᠭᠡ ᠡᠬᠡ ᠦᠷ᠎ᠡ ᠬᠡᠦᠬᠡᠳ ᠤᠨ ᠵᠢᠵᠢᠭ ᠥᠷᠥᠭᠡ︾ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2024/10/8
      ︵ᠰᠤᠷᠪᠤᠯᠵᠢᠯᠠᠭᠴᠢ ᠯᠢᠶᠠᠩ ᠵᠢᠩ ᠱᠥ︶ ᠤᠶᠢᠷ᠎ᠠ ᠶᠢᠨ ᠡᠳᠦᠷ᠂ ᠬᠥᠬᠡᠬᠤᠲᠠ ᠶᠢᠨ ᠠᠩᠬᠠᠳᠠᠭᠴᠢ ︽ᠨᠠᠷᠠᠨ ᠬᠤᠸᠠᠷ ᠡᠴᠢᠭᠡ ᠡᠬᠡ ᠦᠷ᠎ᠡ ᠬᠡᠦᠬᠡᠳ ᠤᠨ ᠵᠢᠵᠢᠭ ᠥᠷᠥᠭᠡ︾ ᠬᠥᠬᠡᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠡᠮᠦᠨ᠎ᠡ ᠬᠤᠭᠤᠴᠠᠭᠠᠨ ᠤ ᠬᠥᠭᠵᠢᠯᠲᠡ ᠶᠢᠨ ᠰᠠᠭᠤᠷᠢᠨ ᠭᠠᠵᠠᠷ ᠲᠤ ᠫᠠᠶᠢᠰᠠ ᠰᠡᠭᠦᠪᠡ᠃      ᠣᠶᠢᠯᠠᠭᠠᠭᠰᠠᠨ ᠢᠶᠠᠷ᠂ ︽ᠨᠡᠷᠡᠨ ᠬᠤᠸᠠᠷ ᠡᠴᠢᠭᠡ ᠡᠬᠡ ᠦᠷ᠎ᠡ ᠬᠡᠤᠬᠡᠳ ᠤᠨ ᠵᠢᠵᠢᠭ ᠥᠷᠥᠭᠡ︾ ᠶᠢ ᠠᠮᠵᠢᠯᠲᠠ ᠲᠠᠢ ᠨᠠᠶᠢᠳᠠᠪᠤᠷᠢᠵᠢᠭᠤᠯᠤᠭᠰᠠᠨ ᠨᠢ ᠲᠤᠰᠬᠠᠶ ᠮᠡᠷᠭᠡᠵᠢᠯ ᠤᠨ ᠬᠠᠯᠠᠭᠤᠮᠰᠤᠭ ᠦᠢᠯᠡᠴᠢᠯᠡᠭᠡᠨ ᠤ ᠣᠷᠴᠢᠨ ᠲᠣᠭᠤᠷᠢᠨ ᠢᠶᠠᠷ ᠳᠠᠮᠵᠢᠭᠤᠯᠤᠨ᠂ 0—3 ᠨᠠᠰᠤᠨ ᠤ ᠨᠢᠯᠬ᠎ᠠ ᠬᠡᠤᠬᠡᠳ ᠵᠢᠴᠢ ᠲᠡᠭᠦᠨ ᠤ ᠬᠡᠷ ᠪᠦᠯᠢ ᠳᠤ ᠰᠤᠷᠤᠯᠴᠠᠬᠤ᠂ ᠰᠣᠯᠢᠯᠴᠠᠬᠤ᠂ ᠦᠰᠦᠨ ᠪᠤᠶᠢᠵᠢᠬᠤ ᠲᠠᠪᠴᠠᠩ ᠢ ᠪᠣᠶ ᠪᠣᠯᠭᠠᠵᠤ᠂ ᠦᠷᠡᠵᠢᠯ ᠤᠨ ᠨᠥᠬᠦᠷᠰᠡᠭ ᠣᠷᠴᠢᠨ ᠲᠣᠭᠤᠷᠢᠨ ᠢ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤ ᠪᠦᠭᠡᠳ ᠨᠢᠯᠬᠠᠰ ᠢ ᠪᠤᠶᠢᠵᠢᠭᠤᠯᠬᠤ ᠶᠢ ᠴᠢᠨᠠᠷ ᠰᠠᠶᠢᠲᠠᠢ ᠪᠡᠶᠡᠯᠡᠭᠦᠯᠬᠦ ᠶᠢᠨ ᠪᠣᠳᠠᠲᠠᠶ ᠦᠢᠯᠡᠳᠦᠯᠭᠡ ᠮᠥᠨ᠃      ᠲᠠᠷᠠᠭᠠᠴᠢ ᠶᠢᠨ ᠠᠯᠬᠤᠮ ᠳᠤ᠂ ᠬᠥᠬᠡᠬᠤᠲᠠ ︽ᠨᠡᠷᠡᠨ ᠬᠤᠸᠠᠷ ᠡᠴᠢᠭᠡ ᠡᠬᠡ ᠦᠷ᠎ᠡ ᠬᠡᠤᠬᠡᠳ ᠤᠨ ᠵᠢᠵᠢᠭ ᠦᠷᠦᠭᠡ︾ ᠪᠠᠷ ᠠᠴᠢᠶᠠᠯᠠᠪᠤᠷᠢ ᠪᠣᠯᠭᠠᠵᠤ᠂ ᠦᠷᠡᠵᠢᠯ ᠤᠨ ᠨᠥᠬᠦᠷᠰᠡᠭ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠷᠦᠯ ᠵᠦᠢᠯ ᠢ ᠬᠡᠷᠡᠭᠵᠢᠭᠦᠯᠬᠦ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ ᠡᠬᠢ ᠪᠠᠶᠠᠯᠢᠭ ᠢ ᠨᠡᠶᠢᠳᠬᠡᠵᠦ᠂ ︽ᠪᠠᠭ᠎ᠠ ᠲᠠᠪᠴᠠᠩ᠂ ᠶᠡᠭᠡ ᠵᠢᠳᠬᠦᠯ︾ ᠤᠨ ᠦᠢᠯᠡᠳᠦᠯ ᠢ ᠪᠠᠳᠠᠷᠠᠭᠤᠯᠵᠤ᠂ ᠨᠢᠯᠬ᠎ᠠ ᠬᠡᠦᠬᠡᠳ ᠤᠨ ᠭᠡᠷ ᠪᠦᠯᠢ ᠶᠢᠨ ᠡᠷᠡᠭᠦᠯ ᠢᠶᠠᠷ ᠪᠤᠶᠢᠵᠢᠭᠤᠯᠬᠤ ᠲᠦᠪᠰᠢᠨ ᠢ ᠳᠡᠭᠡᠭᠰᠢᠯᠡᠭᠦᠯᠵᠦ᠂ ᠬᠥᠮᠦᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ