︵ᠰᠤᠷᠪᠤᠯᠵᠢᠯᠠᠭᠴᠢ ᠯᠢᠦ ᠯᠢ ᠰᠢᠶᠠ︶ 10 ᠳ᠋ᠤᠭᠠᠷ ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠠᠴᠠ ᠣᠶᠢᠯᠠᠭᠠᠭᠰᠠᠨ ᠨᠢ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ 365.82 ᠲᠦᠮᠡᠨ ᠤᠯᠤᠰ ᠤᠨ ᠳᠣᠲᠣᠭᠠᠳᠤ ᠶᠢᠨ | ᠵᠢᠭᠤᠯᠴᠢᠯᠠᠭᠰᠠᠳ ᠢ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠤᠨ ᠶᠡᠷᠦᠩᠬᠡᠢ ᠵᠠᠷᠤᠳᠠᠯ ᠢ 26.04 ᠳ᠋ᠦᠩᠰᠢᠭᠤᠷ ᠲᠥᠭᠦᠷᠢᠭ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠬᠠᠷᠢᠴᠠᠭᠤᠯᠵᠤ ᠪᠣᠯᠬᠤ ᠲᠠᠯ᠎ᠠ ᠪᠠᠷ ︵2023 ᠣᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠪᠣᠯᠣᠨ ᠤᠯᠤᠰ ᠤᠨ ᠪᠠᠶᠠᠷ ᠤᠨ ᠠᠮᠠᠷᠠᠯᠲᠠ ᠶᠢᠨ | ᠬᠤᠭᠤᠴᠠᠭ᠎ᠠ ᠨᠡᠶᠢᠯᠡᠭᠡᠳ ᠨᠡᠶᠢᠲᠡ 8 ᠡᠳᠦᠷ᠂ 2024 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠨᠡᠶᠢᠲᠡ 7 ᠡᠳᠦᠷ ᠪᠣᠯᠣᠨ᠎ᠠ᠂ ᠬᠠᠷᠢᠴᠠᠭᠤᠯᠵᠤ ᠪᠣᠯᠬᠤ | ᠲᠠᠯ᠎ᠠ ᠪᠠᠷ ᠲᠥᠰᠥᠭᠡᠯᠡᠨ ᠪᠤᠳᠤᠬᠤ ᠠᠷᠭ᠎ᠠ ᠪᠣᠯ 2023 ᠣᠨ ᠤ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠲᠤᠬᠠᠢ ᠶᠢᠨ ᠡᠳᠦᠷ ᠤᠨ ᠲᠤᠭ᠎ᠠ ᠪᠠᠷᠢᠮᠲᠠ ᠶᠢ ᠬᠠᠰᠣᠵᠣ᠂ 2024 | ᠣᠨ ᠤ 7 ᠡᠳᠦᠷ ᠤᠨ ᠲᠤᠭ᠎ᠠ ᠪᠠᠷᠢᠮᠲᠠ ᠲᠠᠢ ᠬᠠᠷᠢᠴᠠᠭᠤᠯᠪᠠ︶᠂ 2024 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ 365.82 ᠲᠦᠮᠡᠨ | ᠤᠯᠤᠰ ᠤᠨ ᠳᠣᠲᠣᠭᠠᠳᠤ ᠶᠢᠨ ᠵᠢᠭᠤᠯᠴᠢᠯᠠᠭᠰᠠᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ︔ ᠤᠯᠤᠰ ᠤᠨ ᠳᠣᠲᠣᠭᠠᠳᠤ ᠶᠢᠨ | ᠵᠢᠭᠤᠯᠴᠢᠯᠠᠭᠰᠠᠳ ᠤᠨ ᠶᠡᠷᠦᠩᠬᠡᠢ ᠵᠠᠷᠤᠳᠠᠯ 26.04 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠲᠠᠯ᠎ᠠ ᠪᠠᠷ ︵ᠳᠡᠭᠡᠷᠡᠬᠢ ᠠᠷᠭ᠎ᠠ ᠲᠠᠢ ᠠᠳᠠᠯᠢ︶ ᠠᠳᠠᠯᠢ | ᠬᠤᠭᠤᠴᠠᠭᠠᠨ ᠤ ᠬᠢ ᠠᠴᠠ 10.06% ᠪᠠᠷ ᠨᠡᠮᠡᠭᠳᠡᠪᠡ᠃ |