ᠭᠦᠭᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠰᠢᠨ᠎ᠡ ᠳᠤᠮᠳᠠᠳᠦ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠪᠢᠴᠢᠯᠭᠡ ᠤᠷᠠᠨ ᠵᠢᠷᠤᠭ ᠤᠨ ᠦᠵᠡᠰᠭᠦᠯᠡᠩ︾ ᠡᠷᠭᠢᠯᠡᠵᠡᠢ
ᠨᠡᠶᠢᠲᠡᠯᠡᠭᠰᠡᠨ ᠴᠠᠭ᠄
2024/10/9
      ᠭᠦᠭᠡᠬᠤᠲᠠ ᠶᠢᠨ ᠤᠯᠤᠰ ᠲᠥᠷᠥ ᠶᠢᠨ ᠵᠥᠪᠯᠡᠯᠭᠡᠨ ᠣᠶᠢᠷ᠎ᠠ ᠳᠤ ᠰᠢᠨ᠎ᠡ ᠳᠤᠮᠳᠠᠳᠦ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠵᠢᠴᠢ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠤᠷᠠᠨ ᠪᠢᠴᠢᠯᠭᠡ ᠤᠷᠠᠨ ᠵᠢᠷᠤᠭ ᠤᠨ ᠥᠵᠡᠰᠭᠦᠯᠡᠩ ᠡᠷᠭᠢᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠡᠰᠡᠭ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ᠂ ᠪᠠᠶᠢᠭᠤᠯᠭ᠎ᠠ ᠶᠢᠨ ᠺᠠᠳ᠋ᠷ ᠵᠢᠴᠢ 100 ᠭᠠᠷᠤᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠠᠮᠲᠤ ᠪᠠᠷ ᠥᠵᠡᠰᠭᠦᠯᠡᠩ ᠢ ᠰᠣᠨᠢᠷᠬᠠᠪᠠ᠃      ᠲᠤᠰ ᠠᠵᠢᠯᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ  ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠤᠬᠠᠭᠤᠯᠵᠤ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠤᠯᠤᠰ ᠲᠥᠷᠥ ᠶᠢᠨ ᠵᠥᠪᠯᠡᠯᠭᠡᠨ ᠤ ᠠᠵᠢᠯᠲᠠᠨ ᠤ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠷᠤᠯᠴᠠᠬᠤ᠂ ᠠᠷᠠᠳ ᠣᠯᠠᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠠᠯᠠᠭᠤᠨ ᠰᠡᠳᠬᠢᠯᠭᠡ ᠶᠢ ᠬᠥᠭᠵᠢᠭᠡᠬᠦ ᠪᠠᠷ ᠵᠣᠷᠢᠯᠭ᠎ᠠ ᠪᠠᠨ ᠪᠣᠯᠭᠠᠵᠠᠢ᠃      ᠤᠷᠠᠨ ᠪᠢᠴᠢᠯᠭᠡ ᠤᠷᠠᠨ ᠵᠢᠷᠤᠭ ᠤᠨ ᠥᠵᠡᠰᠭᠦᠯᠡᠩ ᠳᠤ ᠨᠡᠶᠢᠲᠡ 240 ᠭᠠᠷᠤᠢ ᠡᠯ᠎ᠡ ᠲᠥᠷᠥᠯ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠴᠤᠭᠯᠠᠭᠤᠯᠵᠤ᠂ ᠡᠴᠦᠰ ᠲᠡᠭᠡᠨ 140 ᠭᠠᠷᠤᠢ ᠰᠢᠯᠢᠳᠡᠭ ᠪᠦᠲᠦᠭᠡᠯ ᠢ ᠰᠣᠩᠭᠤᠵᠤ ᠳᠡᠯᠭᠡᠨ ᠦᠵᠡᠭᠦᠯᠵᠡᠢ᠃ ᠡᠳᠡᠭᠡᠷ ᠪᠦᠲᠦᠭᠡᠯ ᠨᠢ ᠭᠦᠨ ᠵᠤᠵᠠᠭᠠᠨ  ᠤᠷᠠᠯᠢᠭ ᠤᠨ ᠦᠷ᠎ᠡ   ᠪᠦᠲᠦᠮᠵᠢ ᠲᠠᠢ ᠪᠠᠷ ᠪᠠᠷᠠᠬᠤ ᠦᠭᠡᠢ᠂ ᠨᠡᠩ ᠴᠤ ᠥᠪᠡᠷᠮᠢᠴᠡ ᠬᠠᠷᠠᠭᠠᠰᠤ ᠪᠠ ᠭᠦᠨ ᠭᠦᠨᠵᠡᠭᠡᠢ ᠬᠠᠶᠢᠷ᠎ᠠ ᠰᠡᠳᠬᠢᠯᠭᠡ ᠪᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠵᠢᠴᠢ ᠤᠯᠤᠰ ᠲᠦᠷᠦ ᠶᠢᠨ ᠵᠥᠪᠯᠡᠯᠭᠡᠨ ᠤ ᠠᠵᠢᠯᠲᠠᠳ ᠤᠨ ᠨᠠᠮ᠂ ᠤᠯᠤᠰ ᠪᠠ ᠠᠷᠠᠳ ᠲᠦᠮᠡᠨ ᠳᠡᠭᠡᠨ ᠬᠠᠨᠳᠤᠬᠤ ᠦᠨᠡᠨᠴᠢ ᠰᠢᠳᠤᠷᠭᠤ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ