ᠪᠠᠶᠠᠷ ᠬᠥᠷ ᠲᠠᠢ ᠵᠢᠭᠠᠰᠤ ᠬᠦᠬᠢᠳᠡᠵᠦ ᠪᠡᠶ᠎ᠡ ᠴᠢᠬᠢᠷᠠᠭᠵᠢᠭᠤᠯᠤᠨ᠎ᠠ
ᠨᠡᠶᠢᠲᠡᠯᠡᠭᠰᠡᠨ ᠴᠠᠭ᠄
2024/10/9
1009.jpg
      ᠣᠶᠢᠷ᠎ᠠ ᠳᠤ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ  ᠠᠴᠠ ᠭᠤᠣᠯᠯᠠᠨ ᠡᠷᠭᠢᠯᠡᠵᠦ᠂ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠵᠢᠭᠠᠰᠤ ᠭᠥᠬᠢᠳᠡᠬᠦ ᠬᠥᠳᠡᠯᠭᠡᠭᠡᠨ ᠤ ᠬᠤᠯᠪᠣᠭᠠᠲᠤ ᠬᠤᠷᠠᠯ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ᠥᠪᠥᠷ ᠮᠣᠩᠭᠤᠯ ᠤᠨ ᠶᠡᠭᠡ ᠲᠦᠷᠭᠡᠨ ᠭᠤᠣᠯ ᠤᠨ ᠴᠢᠶᠠᠨ ᠳ᠋ᠣᠣ ᠬᠤ᠋ ᠨᠠᠭᠤᠷ ᠤᠨ ︽ ᠶᠢᠨ ᠳ᠋ᠧ ᠬᠤᠨᠳᠠᠭᠠᠲᠤ︾ ᠵᠢᠭᠠᠰᠤ ᠭᠥᠬᠢᠳᠡᠬᠦ ᠤᠷᠢᠯᠭ᠎ᠠ ᠶᠢᠨ ᠤᠷᠤᠯᠳᠤᠭᠠᠨ ᠴᠢᠶᠠᠨ ᠳ᠋ᠣᠣ ᠬᠤ᠋ ᠨᠠᠭᠤᠷ ᠲᠤ ᠶᠠᠪᠤᠭᠳᠠᠪᠠ᠃ ᠲᠣᠰ ᠤᠳᠠᠭᠠᠨ ᠤ ᠤᠷᠤᠯᠳᠤᠭᠠᠨ ᠤ ᠲᠥᠷᠥᠯ ᠵᠦᠢᠯ ᠨᠢ 4.5 ᠮᠧᠲᠷ ᠤᠨ ᠭᠠᠷ ᠭᠤᠬ᠎ᠠ ᠪᠠᠷ ᠭᠥᠬᠢᠳᠡᠬᠦ ᠬᠤᠯᠢᠮᠠᠭ ᠬᠦᠨᠳᠦ ᠶᠢᠨ ᠵᠢᠩ ᠤᠨ ᠤᠷᠤᠯᠳᠤᠭᠠᠨ ᠪᠣᠯᠣᠨ᠎ᠠ᠂ ᠵᠢᠭᠠᠰᠤᠨ ᠤ ᠲᠥᠷᠥᠯ ᠨᠢ ᠬᠡᠯᠲᠡᠭᠡ᠂ ᠮᠥᠷᠭᠦ ᠵᠢᠭᠠᠰᠤ ᠪᠠᠶᠢᠵᠤ᠂ ᠣᠷᠣᠨ ᠬᠤᠪᠢᠶᠠᠨ ᠬᠤᠪᠢ ᠬᠤᠷᠠᠮᠳᠤᠭᠤᠯᠬᠤ ᠤᠷᠤᠯᠳᠤᠭᠠᠨ ᠤ ᠳᠦᠷᠢᠮ ᠢᠶᠠᠷ ᠶᠠᠪᠤᠭᠳᠠᠨ᠂ ᠪᠥᠬᠦ ᠤᠯᠤᠰ ᠤᠨ ᠡᠯ᠎ᠡ ᠮᠤᠵᠢ ᠬᠤᠲᠠ ᠶᠢᠨ ᠵᠠᠭᠤ ᠰᠢᠬᠠᠮ ᠵᠢᠭᠠᠰᠤ ᠭᠥᠬᠢᠳᠡᠬᠦ  ᠪᠠᠭ᠋ᠠᠲᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃       ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ