ᠮᠠᠷᠲᠠᠵᠤ ᠪᠤᠯᠤᠰᠢ ᠦᠭᠡᠢ ᠲᠡᠥᠬᠡ᠂ ᠬᠤᠪᠢᠰᠬᠠᠯᠴᠢᠳ ᠤᠨ ᠴᠠᠳᠢᠭ— ᠺᠦᠢ ᠪᠢ
ᠨᠡᠶᠢᠲᠡᠯᠡᠭᠰᠡᠨ ᠴᠠᠭ᠄
2024/11/12
      ᠺᠦᠢ ᠪᠢ ︵1903.3—1986.2.9︶᠂ ᠡᠷᠭᠦᠭᠰᠡᠨ ᠨᠡᠷ᠎ᠡ ᠽᠢ ᠵᠠᠩ᠂ ᠡᠷᠡᠭᠲᠡᠢ᠂ ᠮᠤᠩᠭᠤᠯ ᠦᠨᠲᠦᠰᠦᠲᠡᠨ᠂ ᠦᠪᠦᠷ ᠮᠤᠩᠭᠤᠯ ᠤᠨ ᠲᠦᠮᠡᠳ ᠬᠤᠰᠢᠭᠤᠨ ᠤ ᠪᠤᠤ ᠲᠦᠩ ᠾᠧ ᠲᠤᠰᠬᠤᠨ ᠤ ᠬᠦᠮᠦᠨ᠂ ᠨᠢᠭᠡᠨ ᠶᠠᠳᠠᠭᠤ ᠲᠠᠷᠢᠶᠠᠴᠢᠨ ᠤ ᠭᠡᠷ ᠲᠤ ᠲᠦᠷᠦᠵᠠᠢ᠃      ᠺᠦᠢ ᠪᠢ ᠪᠠᠭ᠎ᠠ ᠳᠠᠭᠠᠨ ᠬᠥᠬᠡᠬᠤᠲᠠ ᠶᠢᠨ ᠲᠦᠮᠡᠳ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠳᠤ ᠰᠤᠷᠤᠯᠴᠠᠪᠠ᠃ ︽ᠲᠠᠪᠤᠨ ᠰᠠᠷ᠎ᠠ ᠶᠢᠨ ᠳᠥᠷᠪᠡᠨ ︾ ᠤ ᠬᠥᠳᠡᠯᠭᠡᠭᠡᠨ ᠤ ᠬᠤᠭᠤᠴᠠᠭᠠᠨ ᠳᠤ ᠬᠥᠬᠡᠬᠤᠲᠠ ᠶᠢᠨ ᠰᠤᠷᠤᠭᠴᠢᠳ ᠤᠨ ᠡᠵᠡᠷᠬᠡᠭ ᠲᠦᠷᠢᠮᠡᠬᠡᠢᠲᠡᠨ ᠢ ᠡᠰᠡᠷᠭᠦᠴᠡᠬᠦ ᠡᠬᠡ ᠣᠷᠣᠨᠴᠢ ᠠᠵᠢᠯᠯᠠᠭ᠎ᠠ ᠳᠤ ᠣᠷᠣᠯᠴᠠᠵᠤ ᠥᠩᠭᠡᠷᠡᠵᠡᠢ᠃ 1923 ᠣᠨ ᠤ ᠨᠠᠮᠤᠷ ᠪᠡᠭᠡᠵᠢᠩ ᠤᠨ ᠮᠣᠩᠭᠤᠯ ᠲᠥᠪᠡᠳ ᠤᠨ ᠰᠤᠷᠭᠠᠭᠤᠯᠢ ᠳᠤ ᠰᠢᠯᠭᠠᠭᠤᠯᠤᠨ ᠤᠷᠤᠭᠰᠠᠨ ᠤ ᠳᠠᠷᠠᠭ᠎ᠠ ᠮᠠᠷᠺᠰ ᠤᠨ ᠦᠵᠡᠯ ᠤᠨ ᠬᠤᠪᠢᠰᠬᠠᠯ ᠤᠨ ᠦᠵᠡᠯ ᠰᠠᠨᠠᠭ᠎ᠠ ᠶᠢ ᠬᠦᠷᠲᠡᠪᠡ᠃ 1924 ᠤᠨ ᠳᠤ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠵᠠᠯᠠᠭᠤᠴᠤᠳ ᠤᠨ ᠡᠪᠯᠡᠯ ᠳᠤ ᠣᠷᠤᠪᠠ᠃ ᠵᠢᠯ ᠤᠨ ᠡᠴᠦᠰ ᠲᠤ ᠵᠠᠶᠠᠭᠠᠲᠠᠢ᠂ ᠭᠤᠮᠪᠤᠵᠠᠪ᠂ ᠵᠣᠣ ᠴᠧᠩ ᠨᠠᠷ ᠲᠠᠢ ᠬᠠᠮᠲᠤ ᠰᠦᠢᠶᠤᠸᠠᠨ ᠳᠤ ᠪᠤᠴᠠᠨ ᠢᠷᠭᠡᠨ ᠤ ᠬᠤᠷᠠᠯ ᠤᠨ ᠬᠥᠳᠡᠯᠭᠡᠭᠡᠨ ᠬᠢᠵᠦ᠂ ︽ᠰᠦᠢᠶᠤᠸᠠᠨ ᠬᠤᠲᠠ ᠶᠢᠨ ᠢᠷᠭᠡᠨ ᠤ ᠬᠤᠷᠠᠯ ᠢ ᠠᠬᠢᠭᠤᠯᠬᠤ ᠬᠤᠷᠠᠯ︾ ᠤᠨ ᠲᠥᠯᠥᠭᠡᠯᠡᠭᠴᠢ ᠪᠠᠷ ᠰᠣᠩᠭᠤᠭᠳᠠᠪᠠ᠃ 1925 ᠣᠨ ᠤ 3 ᠰᠠᠷ᠎ᠠ ᠳᠤ ᠪᠡᠭᠡᠵᠢᠩ ᠳᠤ ᠢᠷᠭᠡᠨ ᠤ ᠬᠤᠷᠠᠯ ᠢ ᠠᠬᠢᠭᠤᠯᠬᠤ ᠬᠤᠷᠠᠯ ᠤᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃ ᠲᠤᠰ ᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠪᠥᠭᠡᠳ ᠥᠪᠥᠷ ᠮᠣᠩᠭᠤᠯ ᠤᠨ ᠬᠠᠮᠤᠭ ᠡᠷᠲᠡᠨ ᠤ ᠬᠤᠪᠢᠰᠬᠠᠯ ᠤᠨ ᠰᠡᠳᠬᠦᠯ ︽ᠮᠣᠩᠭᠤᠯ ᠤᠨ ᠲᠠᠷᠢᠶᠠᠴᠢᠳ︾ ᠢ ᠡᠭᠦᠰᠬᠡᠨ ᠡᠷᠬᠢᠯᠡᠬᠦ ᠳᠤ ᠣᠷᠣᠯᠴᠠᠭᠰᠠᠨ ᠪᠠᠶᠢᠨ᠎ᠠ᠃ ᠤᠳᠠᠯ ᠦᠭᠡᠢ ᠨᠠᠮ ᠤᠨ ᠵᠤᠬᠢᠶᠠᠨ ᠪᠠᠶᠢᠭᠤᠯᠤᠯᠲᠠ ᠠᠴᠠ ᠲᠡᠭᠦᠨ ᠢ ᠪᠥᠬᠦᠳᠡ ᠨᠠᠶᠢᠷᠠᠮᠳᠠᠬᠤ ᠮᠣᠩᠭᠤᠯ ᠠᠷᠠᠳ ᠤᠯᠤᠰ ᠲᠤ ᠰᠤᠷᠤᠯᠴᠠᠭᠤᠯᠵᠤ᠂ 1927 ᠣᠨ ᠤ ᠡᠬᠢ ᠪᠠᠷ ᠤᠯᠤᠰ ᠲᠤ ᠪᠠᠨ ᠪᠤᠴᠠᠵᠤ᠂ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠴᠡᠷᠢᠭ ᠤᠨ ᠮᠣᠷᠢᠲᠤ ᠴᠡᠷᠢᠭ ᠤᠨ ᠨᠢᠭᠡᠳᠦᠭᠡᠷ ᠪᠠᠲᠯᠢᠶᠤᠨ ᠪᠠ ᠶᠠᠪᠠᠭᠠᠨ ᠴᠡᠷᠢᠭ ᠤᠨ ᠨᠢᠭᠡᠳᠦᠭᠡᠷ ᠬᠤᠷᠢᠶ᠎ᠠ ᠶᠢᠨ ᠨᠠᠮ ᠤᠨ ᠲᠥᠯᠥᠭᠡᠯᠡᠭᠴᠢ ᠪᠣᠯᠪᠠ᠃ 1929 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠮᠣᠩᠭᠤᠯ ᠤᠨ ᠠᠵᠢᠯ ᠤᠨ ᠵᠦᠪᠯᠡᠯ ᠤᠨ ᠭᠡᠰᠢᠭᠦᠨ ᠤ ᠲᠤᠰᠢᠶᠠᠯ ᠢ ᠬᠠᠷᠢᠭᠤᠴᠠᠵᠤ᠂ ᠬᠥᠬᠡᠬᠤᠲᠠ᠂ ᠪᠤᠭᠤᠲᠤ ᠣᠷᠴᠢᠮ ᠤᠷᠲᠤ ᠬᠤᠭᠤᠴᠠᠭ᠎ᠠ ᠪᠠᠷ ᠨᠢᠭᠤᠴᠠ ᠠᠵᠢᠯ ᠬᠢᠵᠦ ᠪᠠᠶᠢᠪᠠ᠃      ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ᠂ ᠺᠦᠢ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠮᠡᠳ ᠬᠤᠰᠢᠭᠤᠨ ᠤ ᠮᠤᠩᠭᠤᠯ ᠠᠵᠢᠯ ᠤᠨ ᠵᠦᠪᠯᠡᠯ ᠤᠨ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠪᠠᠷᠠᠭᠤᠨ ᠣᠷᠣᠨ ᠤ ᠬᠤᠷᠢᠶ᠎ᠠ ᠶᠢᠨ ᠮᠣᠩᠭᠤᠯ ᠠᠷᠠᠳ ᠤᠨ ᠬᠡᠯᠲᠡᠰ ᠤᠨ ᠳᠠᠷᠤᠭ᠎ᠠ ᠪᠣᠯᠵᠤ᠂ ᠮᠣᠩᠭᠤᠯ ᠦᠨᠳᠦᠰᠦᠲᠡᠨ ᠤ ᠠᠵᠢᠯ ᠢ ᠥᠷᠨᠢᠭᠦᠯᠵᠦ᠂ ᠮᠣᠩᠭᠤᠯ ᠦᠨᠳᠦᠰᠦᠲᠡᠨ ᠤ ᠶᠠᠫᠣᠨ ᠢ ᠡᠰᠡᠷᠭᠦᠴᠡᠬᠦ ᠶᠢ ᠳᠠᠶᠢᠴᠢᠯᠠᠵᠤ᠂ ᠮᠣᠩᠭᠤᠯ ᠦᠨᠳᠦᠰᠦᠲᠡᠨ ᠤ ᠺᠠᠳ᠋ᠷ ᠢ ᠬᠦᠮᠦᠵᠢᠭᠦᠯᠪᠠ᠃ 1945 ᠣᠨ ᠳᠤ ᠶᠠᠨ ᠠᠨ ᠳᠤ ᠬᠦᠷᠴᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠣᠯᠣᠳᠤᠭᠠᠷ ᠶᠡᠭᠡ ᠬᠤᠷᠠᠯ ᠳᠤ ᠣᠷᠣᠯᠴᠠᠪᠠ᠃      ᠶᠠᠫᠣᠨ ᠢ ᠡᠰᠡᠷᠭᠦᠴᠡᠬᠦ ᠲᠠᠶᠢᠨ ᠢᠯᠠᠯᠲᠠ ᠤᠯᠬᠤ ᠠᠴᠠ ᠡᠮᠦᠨᠡᠬᠡᠨ᠂ ᠺᠦᠢ ᠪᠢ ᠥᠪᠥᠷ ᠮᠣᠩᠭᠤᠯ ᠳᠤ ᠪᠠᠨ ᠪᠤᠴᠠᠵᠤ ᠥᠪᠥᠷ ᠮᠣᠩᠭᠤᠯ ᠤᠨ ᠴᠢᠯᠥᠭᠡᠯᠡᠯᠲᠡ ᠶᠢᠨ ᠦᠢᠯᠡᠰ ᠲᠤ ᠤᠷᠤᠯᠴᠠᠵᠤ᠂ ᠢᠯᠠᠩᠭᠤᠶ᠎ᠠ ᠨᠠᠮ ᠤᠨ ᠤᠳᠤᠷᠢᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠳᠤ ᠣᠷᠣᠯᠴᠠᠪᠠ᠃ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠭᠡᠭᠡᠨ ᠤ ᠬᠤᠯᠪᠣᠭᠠᠲᠤ ᠬᠤᠷᠠᠯ ᠤᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠠᠨᠲᠠᠯ᠎ᠠ ᠤᠯᠠᠭᠠᠨᠴᠠᠪ ᠤᠨ ᠠᠵᠢᠯ ᠤᠨ ᠵᠥᠪᠯᠡᠯ ᠤᠨ ᠱᠦᠵᠢ᠂ ᠪᠠᠶᠠᠨᠲᠠᠯ᠎ᠠ ᠤᠯᠠᠭᠠᠨᠴᠠᠪ ᠤᠨ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ᠂ ᠰᠢᠯᠢ ᠶᠢᠨ ᠭᠤᠣᠯ ᠴᠠᠬᠠᠷ ᠤᠨ ᠠᠵᠢᠯ ᠤᠨ ᠵᠥᠪᠯᠡᠯ ᠤᠨ ᠱᠦᠵᠢ ᠪᠤᠯᠤᠨ ᠰᠢᠯᠢ ᠶᠢᠨ ᠭᠤᠣᠯ ᠴᠠᠬᠠᠷ ᠤᠨ ᠵᠠᠰᠠᠭ ᠵᠠᠬᠢᠷᠭᠠᠨ ᠤ ᠵᠦᠪᠯᠡᠯ ᠤᠨ ᠡᠷᠬᠢᠯᠡᠭᠴᠢ ᠂ ᠰᠢᠯᠢ ᠶᠢᠨ ᠭᠤᠣᠯ ᠴᠠᠬᠠᠷ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠾᠧᠪᠸᠢ ᠿᠧᠾᠧ ᠴᠠᠬᠠᠷ ᠵᠥᠪᠯᠡᠯ ᠤᠨ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠭᠡᠰᠢᠭᠦᠨ ᠪᠠ ᠠᠷᠠᠳ ᠤᠨ ᠶᠠᠪᠤᠳᠠᠯ ᠤᠨ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠡᠪ ᠬᠠᠮᠲᠤ ᠨᠠᠮ ᠤᠨ ᠠᠵᠢᠯ ᠤᠨ ᠵᠦᠪᠯᠡᠯ ᠤᠨ ᠭᠡᠰᠢᠭᠦᠨ ᠵᠡᠷᠭᠡ ᠲᠤᠰᠢᠶᠠᠯ ᠢ ᠬᠠᠷᠢᠭᠤᠴᠠᠵᠤ ᠪᠠᠶᠢᠪᠠ᠃    ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠺᠦᠢ ᠪᠢ ᠨᠥᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠮᠧᠩ ᠰᠦᠢ ᠬᠤᠪᠢᠶᠠᠷᠢ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠲᠣᠪᠴᠢᠶᠠᠨ ᠤ ᠳᠡᠳ᠋ ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠳᠡᠳ᠋ ᠱᠦᠵᠢ᠂ ᠱᠦᠵᠢ ᠨᠠᠷ ᠤᠨ ᠭᠠᠵᠠᠷ ᠤᠨ ᠱᠦᠵᠢ ᠪᠥᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠥᠩᠭᠡᠷᠡᠪᠡ᠃ ᠰᠦᠢᠶᠤᠸᠠᠨ ᠮᠤᠵᠢ ᠶᠢᠨ ᠠᠷᠠᠳ ᠤᠨ ᠵᠠᠰᠠᠭ ᠤᠨ ᠤᠷᠳᠤᠨ ᠤ ᠲᠡᠳ᠋ ᠲᠡᠷᠢᠭᠦᠯᠡᠭᠴᠢ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠡᠳ᠋ ᠲᠡᠷᠢᠭᠦᠯᠡᠭᠴᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠳᠡᠳ᠋ ᠡᠷᠬᠢᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠲᠡᠷᠢᠭᠦᠯᠡᠭᠴᠢ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠥᠪᠯᠡᠭᠴᠢ ᠶᠢᠨ ᠬᠤᠷᠢᠶ᠎ᠠ ᠶᠢᠨ ᠭᠡᠰᠢᠭᠦᠨ ᠪᠣᠯᠤᠨ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠵᠡᠷᠭᠡ ᠲᠤᠰᠢᠶᠠᠯ ᠢ ᠬᠠᠷᠢᠭᠤᠴᠠᠵᠤ ᠦᠩᠭᠡᠷᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠡᠨ ᠬᠤᠶᠠᠲᠤᠭᠠᠷ ᠬᠤᠭᠤᠴᠠᠭᠠᠨ ᠤ ᠳᠦᠪ ᠬᠤᠷᠢᠶᠠᠨ ᠤ ᠳᠦᠷᠪᠡᠲᠦᠭᠡᠷ ᠪᠦᠭᠦᠲᠡ ᠬᠤᠷᠠᠯ ᠲᠡᠬᠡᠷ᠎ᠡ ᠺᠦᠢ ᠪᠢ ᠨᠦᠭᠦᠷ ᠪᠦᠬᠦᠳᠡ ᠬᠤᠷᠠᠯ ᠳᠤ ᠭᠤᠶᠤᠴᠢᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠥᠪᠯᠡᠭᠴᠢ ᠶᠢᠨ ᠬᠤᠷᠢᠶ᠎ᠠ ᠶᠢᠨ ᠭᠡᠰᠢᠭᠦᠨ ᠤ ᠳᠤᠰᠢᠶᠠᠯ ᠠᠴᠠ ᠪᠠᠨ ᠪᠠᠭᠤᠪᠠ᠃      1986 ᠣᠨ ᠤ 2 ᠳ᠋ᠤᠭᠠᠷ ᠰᠠᠷ᠎ᠠ ᠶᠢᠨ 9 ᠤ ᠡᠳᠦᠷ ᠺᠦᠢ ᠪᠢ ᠨᠥᠬᠦᠷ ᠡᠪᠡᠳᠴᠢᠨ ᠢᠶᠠᠷ ᠨᠠᠰᠤ ᠪᠠᠷᠠᠪᠠ᠃           ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠬᠡ︾ ︵ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 1999 ᠣᠨ ᠤ ᠬᠡᠪᠯᠡᠯ︶ ᠠᠴᠠ ᠣᠷᠴᠢᠭᠤᠯᠪᠠ  
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ