ᠪᠣᠣ ᠭᠠᠩ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ ᠮᠠᠨ ᠤ ᠬᠤᠳᠠ ᠶᠢᠨ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠲᠡᠭᠦᠯᠳᠡᠷᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ  ᠾᠧ ᠬᠠᠢ ᠳ᠋ᠦᠩ ᠣᠷᠣᠯᠴᠠᠵᠠᠢ
ᠨᠡᠶᠢᠲᠡᠯᠡᠭᠰᠡᠨ ᠴᠠᠭ᠄
2024/11/13
      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠣᠷᠣᠯᠴᠠᠵᠠᠢ᠃       ᠬᠤᠯᠪᠤᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠪᠣᠣ ᠭᠠᠩ ᠬᠡᠯᠡᠬᠦ ᠳᠡᠭᠡᠨ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠲᠤᠭᠤᠰᠢᠯᠠᠭᠤᠯᠬᠤ᠂ ︽ᠬᠤᠶᠠᠷ ᠢ ᠤᠶᠠᠯᠳᠤᠭᠤᠯᠬᠤ︾ ᠴᠢᠬᠤᠯᠠ ᠶᠡᠭᠡ ᠨᠤᠲᠠᠯᠠᠯᠲᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠪᠠᠰᠠ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠭᠠᠷᠳᠠᠴᠠ ᠮᠥᠨ᠃ ᠣᠶᠢᠷ᠎ᠠ ᠶᠢᠨ ᠵᠢᠯ ᠳᠤ᠂ ᠮᠠᠨ ᠤ ᠬᠤᠲᠠ ᠲᠡᠤᠬᠡ ᠰᠣᠶᠣᠯ ᠤᠨ ᠡᠬᠢ ᠪᠠᠶᠠᠯᠢᠭ᠂ ᠪᠠᠶᠢᠭᠠᠯᠢ ᠶᠢᠨ ᠠᠮᠢ ᠠᠬᠤᠶ ᠶᠢᠨ ᠳᠠᠪᠠᠭᠤᠯᠢᠭ ᠪᠠ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠰᠠᠭᠤᠷᠢᠨ ᠳᠤ ᠲᠦᠰᠢᠭᠯᠡᠨ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠢ ᠴᠢᠷᠮᠠᠶᠢᠨ᠂ ᠦᠷᠭᠦᠯᠵᠢᠯᠡᠨ ᠬᠤᠯᠠ ᠶᠢᠨ ᠬᠠᠷᠠᠴᠠ᠂ ᠶᠡᠭᠡ ᠪᠠᠶᠢᠷᠢᠰᠢᠯᠲᠠ᠂ ᠭᠦᠨᠵᠡᠭᠡᠶ ᠰᠢᠰᠲ᠋ᠧᠮ ᠢᠶᠠᠷ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠡᠯ᠎ᠡ ᠲᠦᠷᠦᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠨᠡᠭᠡᠭᠡᠨ ᠠᠰᠢᠭᠯᠠᠵᠤ᠂ 4A᠂ 5A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳ᠋ᠠ ᠶᠣᠣ ᠵᠡᠷᠭᠡ ᠪᠠᠭᠤᠷᠢ ᠶᠢᠨ ᠴᠡᠴᠡᠷᠯᠢᠭ ᠢ ᠢᠳᠡᠪᠬᠢᠲᠡᠢ ᠭᠤᠶᠤᠴᠢᠯᠠᠨ ᠪᠠᠶᠢᠭᠤᠯᠵᠤ᠂ ᠠᠷᠠᠳ ᠲᠤ ᠠᠰᠢᠭᠲᠠᠢ ᠳᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠵᠤᠭᠠᠴᠠᠯ ᠢ ᠢᠳᠡᠪᠬᠢᠲᠡᠢ ᠠᠬᠢᠭᠤᠯᠵᠤ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠨᠴᠠᠯᠢᠭ ᠢ ᠳᠤᠪᠤᠶᠢᠯᠭᠠᠵᠤ᠂ ᠦᠨᠳᠦᠷᠯᠢᠭ ᠤᠨ ᠲᠠᠯ᠎ᠠ ᠨᠤᠲᠤᠭ᠂ ᠬᠤᠳᠠ ᠶᠢᠨ ᠦᠵᠡᠮᠵᠢ ᠶᠢᠨ ᠲᠠᠯ᠎ᠠ ᠨᠤᠲᠤᠭ᠂ ᠬᠠᠳᠤᠨ ᠭᠤᠣᠯ ᠤᠷᠳᠤ ᠴᠠᠭᠠᠨ ᠬᠡᠷᠡᠮ ᠂ ᠬᠤᠳᠠ ᠶᠢᠨ ᠲᠡᠭᠦᠷᠭᠡ ᠶᠢᠨ ᠵᠢᠭᠤᠯᠴᠢᠯᠠᠯ ᠵᠡᠷᠭᠡ ᠤᠨᠴᠠᠯᠢᠬᠳᠤ ᠰᠣᠶᠣᠯ ᠵᠢᠭᠤᠯᠴᠢᠯᠠᠯ ᠢ ᠰᠠᠶᠢᠲᠤᠷ ᠬᠢᠵᠦ᠂ ᠲᠦᠷᠦᠯ ᠲᠡᠮᠳᠡᠭ ᠡᠭᠦᠳᠬᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠡᠯᠡᠨ ᠦᠵᠡᠮᠵᠢ ᠶᠢᠨ ᠣᠷᠣᠨ ᠤ ᠡᠵᠡᠩᠨᠡᠯᠲᠡ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠵᠠᠮ ᠬᠠᠷᠢᠯᠴᠠᠭ᠎ᠠ᠂ ᠲᠡᠷᠭᠡᠨ ᠵᠣᠭᠰᠣᠭᠠᠯ ᠵᠡᠷᠭᠡ ᠢᠵᠢ ᠪᠦᠷᠢᠳᠦᠭᠦᠯᠬᠦ ᠠᠵᠢᠯ ᠢ ᠨᠠᠷᠢᠯᠢᠬᠵᠢᠭᠤᠯᠤᠨ ᠰᠠᠶᠢᠲᠤᠷ ᠬᠢᠬᠦ ᠬᠡᠷᠡᠭᠲᠡᠶ᠃ ᠬᠤᠳᠠ ᠶᠢᠨ ᠬᠡᠪᠴᠢᠶᠡᠨ ᠳᠤ ᠨᠢᠭᠡᠳᠦᠯᠲᠡᠢ ᠲᠥᠯᠥᠪᠵᠢᠭᠦᠯᠬᠦ ᠪᠠ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠴᠡᠩᠬᠡᠬᠦ︾ ᠰᠣᠶᠣᠯ ᠵᠢᠭᠤᠯᠴᠢᠯᠠᠯ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠨᠢᠭᠡ ᠴᠤᠬᠴᠠᠵᠢᠭᠤᠯᠤᠨ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠢ ᠪᠣᠢ ᠪᠣᠯᠭᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠦᠪᠯᠡᠨ ᠤᠬᠠᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠦᠵᠡᠮᠵᠢ ᠶᠢᠨ ᠣᠷᠣᠨ᠂ ᠰᠣᠶᠣᠯ ᠦᠵᠡᠰᠬᠦᠯᠡᠩ ᠤᠨ ᠣᠷᠳᠣᠨ᠂ ᠤᠨᠴᠠᠯᠢᠬᠳᠤ ᠵᠡᠭᠡᠯᠢ ᠭᠤᠳᠤᠮᠵᠢ᠂ ᠳᠠᠭᠠᠯᠳᠤᠯ ᠪᠦᠲᠦᠭᠡᠭᠳᠡᠬᠦᠨ ᠵᠡᠷᠭᠡ ᠶᠢ ᠬᠥᠭᠵᠢᠭᠦᠯᠦᠨ᠂ ᠬᠤᠳᠠ ᠶᠢᠨ ᠠᠷᠠᠳ᠂ ᠵᠤᠭᠠᠴᠠᠭᠰᠠᠳ ᠤᠨ ᠮᠡᠳᠡᠷᠡᠮᠵᠢ ᠪᠣᠯᠤᠨ ᠬᠠᠨᠤᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢ ᠦᠨᠡᠨᠬᠦ ᠡᠯ᠎ᠡ ᠭᠠᠵᠠᠷ ᠤᠨ ᠵᠤᠭᠠᠴᠠᠭᠰᠠᠳ ᠤᠨ ᠵᠢᠷᠦᠬᠡ ᠰᠡᠳᠬᠢᠯ ᠳᠤ ᠰᠠᠭᠤᠭᠳᠠᠭᠰᠠᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯᠭᠠᠬᠤ ᠬᠡᠷᠡᠭᠲᠡᠢ ᠭᠡᠵᠡᠢ᠃      ᠯᠢᠦ ᠵᠢᠢ ᠶᠢᠩ᠂ ᠸᠠᠩ ᠺᠦᠨ᠂ ᠼᠤᠤ ᡁᠢ᠂ ᠯᠢ ᠰᠢᠶᠣᠣ ᠶᠠᠨ᠂ ᠸᠠᠩ ᠢᠦᠢ ᠲᠢᠶᠠᠨ᠂ ᠵᠤᠤ ᠶᠠᠨ ᠷᠤ᠋ ᠨᠠᠷ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ