ᠬᠥᠬᠡᠬᠤᠲᠠ ᠭᠤᠷᠪᠠᠨ ᠠᠷᠭ᠎ᠠ ᠬᠡᠮᠵᠢᠶ᠎ᠡ ᠠᠪᠴᠤ ᠪᠣᠬᠢᠷᠲᠤᠯ ᠥᠬᠡᠶ ᠪᠤᠳᠤᠬᠤ ᠬᠦᠴᠦᠨ ᠤ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2024/11/13
      ᠨᠢᠭᠡ ᠳᠤ᠂ ᠪᠤᠳᠤᠬᠤ ᠬᠦᠴᠦᠨ ᠤ ᠬᠡᠪᠴᠢᠶ᠎ᠡ ᠶᠢ ᠪᠤᠵᠠᠭᠠᠶᠢᠷᠠᠭᠤᠯᠪᠠ᠃ ᠪᠣᠬᠢᠷᠲᠤᠯ ᠥᠬᠡᠶ ᠪᠤᠳᠤᠬᠤ ᠬᠦᠴᠦᠨ᠂ ᠣᠶᠤᠨᠴᠢ ᠪᠤᠳᠤᠬᠤ ᠬᠦᠴᠦᠨ᠂ ᠮᠥᠩᠭᠦᠨ ᠭᠦᠢᠯᠭᠡᠭᠡᠨ ᠤ ᠪᠤᠳᠤᠬᠤ ᠬᠦᠴᠦᠨ ᠵᠡᠷᠭᠡ ᠭᠤᠷᠪᠠᠨ ᠶᠡᠭᠡ ᠳᠠᠪᠠᠭᠤᠯᠢᠭ ᠢ ᠳᠣᠪᠤᠶᠢᠯᠭᠠᠨ᠂ ᠪᠥᠬᠦ ᠬᠤᠲᠠ ᠶᠢᠨ ᠪᠤᠳᠤᠬᠤ ᠬᠦᠴᠦᠨ ᠤ ᠶᠡᠷᠦᠩᠬᠡᠶ ᠬᠡᠪᠴᠢᠶ᠎ᠡ 30310P ᠳᠤ ᠬᠦᠷᠪᠡ᠂ ᠡᠭᠦᠨ ᠳᠤ ᠨᠡᠶᠢᠳᠡᠮ ᠬᠡᠷᠡᠭᠯᠡᠭᠡᠨ ᠤ ᠪᠤᠳᠤᠬᠤ ᠬᠦᠴᠦᠨ 1512P᠂ ᠣᠶᠤᠨᠴᠢ ᠪᠤᠳᠤᠬᠤ ᠬᠦᠴᠦᠨ 28575P᠂ ᠬᠡᠲᠦ ᠪᠤᠳᠤᠬᠤ ᠬᠦᠴᠦᠨ 223P ᠪᠠᠶᠢᠵᠤ᠂ ᠵᠢᠱᠢᠯᠲᠡ ᠪᠠᠷ ᠵᠢᠯ ᠤᠨ ᠡᠴᠦᠰ ᠲᠤ ᠪᠥᠬᠦ ᠬᠤᠲᠠ ᠶᠢᠨ ᠶᠡᠷᠦᠩᠬᠡᠶ ᠪᠤᠳᠤᠬᠤ ᠬᠦᠴᠦᠨ ᠤ ᠬᠡᠪᠴᠢᠶ᠎ᠡ 4.4 ᠲᠦᠮᠡᠨ P ᠳᠤ ᠬᠦᠷᠴᠦ᠂ 2025 ᠣᠨ ᠤ ᠰᠡᠭᠦᠯᠴᠢ ᠪᠣᠯᠬᠤ ᠳᠤ ᠪᠥᠬᠦ ᠬᠤᠲᠠ ᠶᠢᠨ ᠶᠡᠷᠦᠩᠬᠡᠶ ᠪᠤᠳᠤᠬᠤ ᠬᠦᠴᠦᠨ ᠤ ᠬᠡᠪᠴᠢᠶ᠎ᠡ 8.4 ᠲᠦᠮᠡᠨ P ᠳᠤ ᠬᠥᠷᠬᠦ ᠪᠣᠯᠤᠨ᠎ᠠ᠃ ᠬᠤᠶᠠᠷ ᠲᠤ᠂ ᠴᠠᠬᠢᠯᠭᠠᠨ ᠬᠦᠴᠦᠨ ᠪᠠ ᠪᠣᠳᠣᠬᠤ ᠬᠦᠴᠦᠨ ᠢ ᠬᠠᠮᠵᠢᠯᠴᠠᠭᠤᠯᠤᠨ ᠡᠨᠧᠷᠭᠢ ᠶᠢᠨ ᠬᠠᠩᠭᠠᠯᠭ᠎ᠠ ᠶᠢ ᠴᠢᠩᠭᠠᠷᠠᠭᠤᠯᠪᠠ᠃ ᠴᠠᠬᠢᠯᠭᠠᠨ ᠬᠦᠴᠦᠨ ᠪᠠ ᠪᠣᠳᠣᠬᠤ ᠬᠦᠴᠦᠨ ᠢ ᠨᠢᠭᠡ ᠴᠣᠠᠠᠴᠠᠵᠢᠭᠤᠯᠥᠠᠠᠰᠠᠨ ᠦᠵᠦ ᠳᠥᠯᠥᠪᠯᠡᠭᠡ ᠶᠢ ᠴᠢᠩᠭᠠᠳᠬᠠᠵᠦ᠂ ᠴᠠᠬᠢᠯᠭᠠᠨ ᠬᠦᠴᠣᠨ ᠤ ᠢᠵᠢ ᠪᠦᠷᠢᠳᠦᠬᠦᠯᠬᠦ ᠰᠠᠭᠤᠷᠢ ᠪᠡᠯᠡᠳᠭᠡᠮᠵᠢ ᠶᠢ ᠣᠷᠢᠳᠴᠢᠯᠡᠨ ᠪᠠᠶᠢᠷᠢᠯᠠᠭᠤᠯᠪᠠ︔ ᠪᠥᠭᠡᠮᠨᠡᠷᠡᠯ ᠤᠨ ᠲᠣᠳᠣᠭᠠᠳᠣ ᠳᠠᠬᠢ ᠪᠤᠳᠣᠬᠤ ᠬᠦᠴᠣᠨ ᠲᠠᠢ ᠠᠵᠦ ᠠᠬᠤᠶᠢᠯᠠᠯ ᠤᠨ ᠪᠠᠶᠢᠯᠳᠣᠬᠤ ᠪᠤᠳᠣᠯᠭ᠎ᠠ ᠶᠢᠨ ᠰᠢᠨ᠎ᠠ ᠪᠠᠷ ᠬᠥᠭᠵᠢᠭᠰᠡᠨ ᠠᠵᠦ ᠦᠢᠯᠡᠰ ᠤᠨ ᠴᠠᠬᠢᠯᠭᠠᠨ ᠭᠡᠷᠡᠭᠯᠡᠬᠦ ᠳᠥᠷᠥ ᠶᠢᠨ ᠪᠤᠳᠣᠯᠭ᠎ᠠ ᠬᠦᠷᠲᠡᠬᠦ ᠶᠢ ᠳᠡᠮᠵᠢᠵᠦ᠂ ᠳ᠋ᠠᠶᠢᠲ᠋ᠠ ᠶᠢᠨ ᠲᠥᠪ ᠤᠨ ᠪᠣᠬᠢᠷᠳᠦᠯ ᠦᠭᠡᠢ ᠴᠠᠬᠢᠯᠭᠠᠨ ᠭᠡᠷᠡᠭᠯᠡᠬᠦ ᠬᠠᠷᠢᠴᠡᠯ ᠢ ᠳᠡᠭᠡᠭᠰᠢᠯᠡᠭᠦᠯᠪᠡ︔ ᠡᠨᠧᠷᠭᠢ ᠶᠢᠨ ᠡᠬᠢ ᠪᠠᠶᠠᠯᠢᠭ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠪᠣᠯᠣᠨ ᠪᠣᠬᠢᠷᠳᠤᠯ ᠦᠭᠡᠢ ᠴᠠᠬᠢᠯᠭᠠᠨ ᠢ ᠪᠠᠭᠲᠠᠭᠠᠨ ᠠᠰᠢᠭᠯᠠᠬᠤ ᠵᠢᠱᠢᠶ᠎ᠡ ᠦᠵᠡᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠵᠤ᠂ ︽ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶ᠎ᠡ︾ ᠶᠢᠨ ᠬᠤᠷᠢᠨᠭᠡᠷ ᠳ᠋ᠠᠶᠢᠲ᠋ᠠ ᠶᠢᠨ ᠲᠥᠪ ᠤᠨ ᠪᠥᠭᠡᠮᠨᠡᠷᠡᠯ ᠤᠨ ᠪᠣᠬᠢᠷᠳᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠤ ᠬᠠᠮᠲᠤ᠂ ︽ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ ᠬᠦᠴᠦᠨ ᠤ ᠰᠦᠯᠵᠢᠶᠡᠨ ᠤ ᠬᠡᠷᠡᠭᠯᠡᠯᠲᠡ ᠶᠢᠨ ᠰᠢᠯᠢᠳᠡᠭ ᠵᠢᠱᠢᠶ᠎ᠡ︾ ᠳᠤ ᠰᠣᠩᠭᠤᠭᠳᠠᠪᠠ᠃ ︽ᠤᠯᠤᠰ ᠤᠨ ︿ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠪᠤᠳᠤᠬᠤ﹀ ᠬᠦᠢᠰᠦ ᠴᠡᠭ ᠤᠨ ᠪᠣᠬᠢᠷᠳᠤᠯ ᠦᠭᠡᠢ ᠪᠣᠳᠣᠬᠤ ᠬᠦᠴᠦᠨ ᠤ ᠵᠢᠭᠠᠯᠲᠠ ᠲᠤᠭ᠎ᠠ ᠶᠢᠨ ᠰᠤᠳᠤᠯᠭᠠᠨ ᠤ ᠮᠡᠳᠡᠭᠦᠯᠦᠯᠲᠡ ︵2024︶︾ ᠶᠢ ᠦᠨᠳᠦᠰᠦᠯᠡᠨ᠂ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠯᠡᠯ ᠤᠨ ᠪᠣᠬᠢᠷᠳᠤᠯ ᠦᠭᠡᠢ ᠪᠤᠳᠤᠬᠤ ᠬᠦᠴᠦᠨ ᠤ ᠵᠢᠭᠠᠯᠲᠠ ᠲᠤᠭ᠎ᠠ ᠨᠢ ᠪᠥᠬᠦ ᠤᠯᠤᠰ ᠤᠨ ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠪᠤᠳᠤᠬᠤ ᠨᠠᠢᠮᠠᠨ ᠶᠡᠭᠡ ᠬᠦᠢᠰᠦ ᠴᠡᠭ ᠤᠨ ᠨᠢᠭᠡᠳᠦᠭᠡᠷ ᠲᠤ ᠵᠢᠭᠰᠠᠭᠠᠭᠳᠠᠪᠠ᠃ ᠭᠤᠷᠪᠠ ᠳᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠪᠠ᠃ ᠬᠥᠬᠡᠬᠤᠲᠠ ᠶᠢᠨ ᠳ᠋ᠠᠶᠢᠲ᠋ᠠ ᠶᠢᠨ ᠵᠡᠭᠦᠯᠲᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠪᠠᠢ ᠳ᠋ᠦ᠋᠂ ᠲᠢᠺ ᠲᠣᠺ ᠵᠡᠷᠭᠡ 80 ᠭᠠᠷᠤᠢ ᠠᠵᠤ ᠠᠬᠤᠶᠢᠯᠠᠯ ᠣᠷᠣᠵᠤ ᠢᠷᠡᠭᠰᠡᠨ ᠪᠠᠶᠢᠨ᠎ᠠ︔ ᠥᠪᠥᠷ ᠮᠣᠩᠭᠤᠯ ᠤᠨ ᠳ᠋ᠠᠶᠢᠲ᠋ᠠ ᠶᠢᠨ ᠬᠦᠴᠦᠨ ᠵᠦᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠳ᠋ᠠᠶᠢᠲ᠋ᠠ ᠶᠢᠨ ᠬᠦᠴᠦᠨ ᠵᠦᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ︾ ᠶᠢ ᠪᠠᠶᠢᠭᠤᠯᠵᠤ᠂ ᠪᠦᠬᠦ ᠤᠯᠤᠰ ᠤᠨ ᠲᠦᠷᠦᠭᠦᠦ ᠪᠦᠯᠦᠭ ᠪᠦᠬᠦ ᠣᠷᠣᠨ ᠪᠦᠰᠡ ᠶᠢᠨ ᠳ᠋ᠢᠭᠢᠲᠴᠢᠯᠡᠭᠦᠯᠦᠨ ᠬᠡᠯᠪᠡᠷᠢ ᠪᠠᠨ ᠬᠤᠪᠢᠷᠠᠭᠤᠯᠤᠭᠰᠠᠨ ᠨᠡᠶᠢᠲᠡᠯᠢᠭ ᠵᠢᠱᠢᠶ᠎ᠡ ᠳᠤ ᠰᠣᠩᠭᠤᠭᠳᠠᠪᠠ︔ ᠥᠪᠥᠷ ᠮᠣᠩᠭᠤᠯ ᠤᠨ ᠳ᠋ᠠᠶᠢᠲ᠋ᠠ ᠶᠢᠨ ᠠᠷᠠᠯᠵᠢᠶᠠᠨ ᠤ ᠲᠥᠪ ᠢ ᠪᠠᠶᠢᠭᠤᠯᠵᠤ᠂ 260 ᠭᠠᠷᠤᠢ ᠳ᠋ᠠᠶᠢᠲ᠋ᠠ ᠶᠢᠨ ᠬᠤᠳᠠᠯᠳᠤᠭᠠᠴᠢᠨ ᠢ ᠬᠤᠷᠠᠭᠤᠯᠵᠤ᠂ 280 ᠭᠠᠷᠤᠢ ᠳ᠋ᠠᠶᠢᠲ᠋ᠠ ᠶᠢᠨ ᠪᠦᠲᠦᠭᠡᠭᠳᠡᠬᠦᠨ ᠢ ᠡᠮᠬᠢᠯᠡᠪᠠ︔ ᠰᠢᠶᠦ᠋ᠨ ᠹᠸᠢ ᠰᠢᠩ ᠾᠦᠸᠧ᠂ ᠸᠧᠨ ᠰᠢᠨ ᠶᠢ ᠶᠠᠨ ᠵᠡᠷᠭᠡ ᠨᠡᠶᠢᠳᠡᠮ ᠬᠡᠷᠡᠭᠯᠡᠭᠡᠨ ᠳᠤ 11 ᠲᠤᠮᠤ ᠵᠠᠭᠪᠤᠷ ᠢ ᠣᠷᠤᠭᠤᠯᠤᠨ ᠠᠪᠴᠢᠷᠠᠵᠤ ᠪᠣᠯᠪᠠᠰᠤᠷᠠᠯ ᠬᠢᠵᠦ᠂ ᠪᠣᠯᠪᠠᠰᠤᠷᠠᠯ ᠤᠨ ᠶᠡᠷᠦᠩᠬᠡᠢ ᠪᠣᠯᠵᠣᠯᠲᠤ ᠲᠤᠭ᠎ᠠ ᠲᠦᠮᠡᠨ ᠳ᠋ᠦᠩᠰᠢᠭᠤᠷ ᠢ ᠳᠠᠪᠠᠭᠰᠠᠨ ᠪᠠᠶᠢᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ