ᠰᠢ ᠶᠢᠨ ᠫᠢᠩ ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠤ ᠪᠥᠭᠡᠳ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠡᠭᠡᠵᠢᠩ ᠠᠴᠠ ᠮᠣᠷᠳᠠᠪᠠ
ᠨᠡᠶᠢᠲᠡᠯᠡᠭᠰᠡᠨ ᠴᠠᠭ᠄
2024/11/14
      ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 13 ᠤ ᠴᠠᠬᠢᠯᠭᠠᠨ ᠮᠡᠳᠡᠭᠡ  11 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠦᠭᠦᠳᠡ ᠨᠠᠶᠢᠷᠠᠮᠳᠠᠬᠤ ᠫᠧᠷᠦ᠋ ᠤᠯᠤᠰ ᠤᠨ ᠶᠡᠷᠦᠩᠬᠡᠶᠢᠯᠡᠭᠴᠢ ᠪᠦᠷᠤ᠋ ᠊ ᠠᠷᠲ᠋ᠧ ᠶᠢᠨ ᠤᠷᠢᠯᠭ᠎ᠠ ᠪᠠᠷ᠂ ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠬᠤ ᠪᠥᠭᠡᠳ ᠫᠧᠷᠦ᠋  ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠰᠬᠠᠢ ᠨᠢᠰᠬᠡᠯ ᠢᠶᠠᠷ ᠪᠡᠭᠡᠵᠢᠩ ᠠᠴᠠ ᠮᠣᠷᠳᠠᠪᠠ᠃    ᠰᠢ ᠶᠢᠨ ᠫᠢᠩ ᠳᠤ ᠪᠠᠷ᠎ᠠ ᠪᠣᠯᠵᠤ ᠠᠶᠢᠯᠴᠢᠯᠠᠭᠰᠠᠳ ᠲᠤ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ᠂ ᠳᠤᠮᠳᠠᠳᠤ ᠤᠯᠤᠰ ᠤᠨ  ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠭᠠᠳᠠᠭᠠᠳᠤ ᠶᠠᠪᠤᠳᠠᠯ ᠤᠨ  ᠶᠠᠮᠤᠨ ᠤ ᠰᠠᠶᠢᠳ ᠸᠠᠩ ᠢ ᠨᠠᠷ ᠪᠣᠢ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ