ᠬᠥᠬᠡᠬᠤᠲᠠ ᠶᠢᠨ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠤᠯᠤᠰ ᠤᠨ ᠠᠩᠬᠠᠳᠤᠭᠠᠷ ᠪᠦᠯᠦᠭ ︽ᠪᠣᠬᠢᠷ ᠤᠰᠤ ᠰᠢᠢᠳᠪᠦᠷᠢᠯᠡᠬᠦ ᠪᠣᠬᠢᠷᠲᠤᠯ ᠥᠬᠡᠢ ᠳᠣᠣᠷ᠎ᠠ ᠨᠡᠭᠦᠷᠡᠰᠦᠲᠥ᠋ᠷᠦᠭᠴᠢᠲᠦ ᠬᠡᠪ ᠵᠠᠭᠪᠤᠷ ᠤᠨ ᠦᠢᠯᠡᠳᠪᠦᠷᠢ︾ ᠶᠢᠨ ᠠᠯᠳᠠᠷ ᠢ ᠭᠥᠷᠳᠡᠪᠡ
ᠨᠡᠶᠢᠲᠡᠯᠡᠭᠰᠡᠨ ᠴᠠᠭ᠄
2024/11/15
      ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠬᠠᠮᠲᠤᠷᠠᠨ ᠠᠩᠬᠠᠳᠠᠭᠴᠢ ᠪᠦᠯᠦᠭ ︽ᠪᠣᠬᠢᠷ ᠤᠰᠤ ᠰᠢᠢᠳᠪᠦᠷᠢᠯᠡᠬᠦ ᠪᠣᠬᠢᠷᠲᠤᠯ ᠥᠬᠡᠢ ᠳᠣᠣᠷ᠎ᠠ ᠨᠡᠭᠦᠷᠡᠰᠦᠲᠥ᠋ᠷᠦᠭᠴᠢᠲᠦ ᠬᠡᠪ ᠵᠠᠭᠪᠤᠷ ᠤᠨ ᠦᠢᠯᠡᠳᠪᠦᠷᠢ︾ ᠶᠢᠨ ᠨᠡᠷᠡᠰ ᠢ ᠨᠡᠢᠲᠡᠯᠡᠪᠡ᠂ ᠡᠭᠦᠨ ᠳᠤ ᠬᠥᠬᠡᠬᠤᠲᠠ ᠶᠢᠨ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠪᠦᠬᠦ ᠤᠯᠤᠰ ᠤᠨ ᠠᠩᠬᠠᠳᠤᠭᠠᠷ ᠲᠤᠰ ᠢᠷᠠᠭᠤ ᠠᠯᠳᠠᠷ ᠪᠦᠬᠦᠢ ᠦᠢᠯᠡᠳᠪᠦᠷᠢ ᠶᠢᠨ ᠨᠢᠭᠡᠨ ᠪᠣᠯᠤᠭᠰᠠᠨ ᠪᠠᠶᠢᠨ᠎ᠠ᠂ ᠡᠭᠦᠨ ᠤ ᠬᠠᠮᠲᠤ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠲᠤᠰ ᠢᠷᠠᠭᠤ ᠠᠯᠳᠠᠷ ᠢ ᠬᠦᠷᠲᠡᠭᠰᠡᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠮᠥᠨ᠃      ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ 3 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ︽ᠪᠣᠬᠢᠷ ᠤᠰᠤ ᠶᠢ ᠰᠢᠢᠳᠪᠦᠷᠢᠯᠡᠬᠦ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠬᠡᠪ ᠳᠠᠭᠤᠷᠢᠶᠠᠯ ᠤᠨ ᠦᠢᠯᠡᠳᠪᠦᠷᠢ ᠶᠢ ᠰᠢᠯᠢᠨ ᠰᠣᠩᠭᠤᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠨᠡᠶᠢᠲᠡᠯᠡᠵᠦ᠂ ︽ᠨᠢᠭᠡ ᠪᠦᠯᠦᠭ ᠢ ᠰᠢᠯᠢᠨ ᠰᠣᠩᠭᠤᠬᠤ᠂ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠥᠭᠡᠷᠡᠴᠢᠯᠡᠬᠦ ᠦᠷᠭᠡᠳᠬᠡᠬᠦ︾ ᠠᠷᠭ᠎ᠠ ᠬᠡᠯᠪᠡᠷᠢ ᠪᠠᠷ 2025 ᠣᠨ ᠤ ᠡᠴᠦᠰ ᠠᠴᠠ ᠡᠮᠦᠨ᠎ᠡ᠂ ᠪᠥᠬᠦ ᠤᠯᠤᠰ ᠲᠤ ᠡᠨᠧᠷᠭᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠤᠷᠴᠢᠯᠳᠤᠭᠤᠯᠤᠨ ᠠᠰᠢᠭᠯᠠᠬᠤ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭᠴᠢᠲᠤ ᠬᠡᠪ ᠳᠠᠭᠤᠷᠢᠶᠠᠯ ᠤᠨ ᠦᠢᠯᠡᠳᠪᠦᠷᠢ ᠶᠢ 100 ᠪᠠᠶᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ ᠪᠣᠬᠢᠷ ᠤᠰᠤ ᠰᠢᠢᠳᠪᠦᠷᠢᠯᠡᠬᠦ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠵᠦ᠂ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠪᠠᠨᠳᠢ ᠠᠶᠢᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠵᠡᠷᠭᠡ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠪᠠᠷ ᠳᠠᠮᠵᠢᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠬᠢᠨᠠᠨ ᠲᠣᠭᠲᠠᠭᠠᠯᠲᠠ ᠳᠤ ᠳᠡᠪᠰᠢᠭᠦᠯᠪᠡ᠃      ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠢᠦᠶ ᠴᠢᠤᠸᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠬᠢᠭᠡᠳ ᠬᠤᠷᠢᠨᠭᠡᠷ ᠵᠠᠮ ᠤᠨ ᠠᠭᠤᠯᠵᠠᠷ ᠤᠨ ᠵᠡᠭᠦᠨ ᠡᠮᠦᠨ᠎ᠡ ᠪᠠᠶᠢᠷᠢᠯᠠᠵᠤ᠂ ᠰᠢᠢᠳᠪᠦᠷᠢᠯᠡᠬᠦ ᠴᠢᠳᠠᠪᠤᠷᠢ ᠨᠢ 20 ᠲᠦᠮᠡᠨ ᠲᠣᠨ / ᠡᠳᠦᠷ ᠪᠠᠶᠢᠵᠤ᠂ ᠦᠢᠯᠡᠴᠢᠯᠡᠭᠡᠨ ᠤ ᠲᠠᠯᠠᠪᠠᠶ ᠨᠢ ᠪᠠᠷᠤᠭ 72 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ 80 ᠲᠦᠮᠡᠨ ᠬᠥᠮᠦᠨ ᠠᠷᠠᠳ ᠲᠤ ᠦᠢᠯᠡᠴᠢᠯᠡᠨ᠎ᠡ᠃ ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠨᠢ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠤᠷᠢᠳ ᠬᠤᠵᠢᠳ ︽ᠤᠶᠤᠨᠲᠤ ᠡᠵᠡᠩᠨᠡᠯᠲᠡ ᠶᠢᠨ ᠰᠢᠰᠲ᠋ᠧᠮ︾ ︽ᠡᠮ ᠨᠠᠶᠢᠷᠠᠯᠭ᠎ᠠ ᠶᠢᠨ ᠳ᠋ᠠᠶᠢᠲ᠋ᠠ ᠬᠥᠮᠥᠷᠭᠡ︾ ︽ᠲᠥᠬᠦᠭᠡᠷᠦᠮᠵᠢ ᠶᠢᠨ ᠡᠭᠦᠯᠡᠨ ᠬᠠᠮᠠᠭᠠᠯᠠᠯᠲᠠ ᠶᠢᠨ ᠰᠢᠰᠲ᠋ᠧᠮ︾ ᠵᠡᠷᠭᠡ ᠤᠯᠠᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠪᠡ᠃ ᠥᠨᠳᠥᠷ ᠪᠦᠲᠦᠮᠵᠢᠲᠡᠶ ᠪᠣᠬᠢᠷᠲᠤᠯ ᠢ ᠪᠠᠭᠠᠰᠬᠠᠵᠤ᠂ ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠬᠤ ᠰᠢᠨ᠎ᠡ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠮᠡᠷᠭᠡᠵᠢᠯ ᠤᠨ ᠪᠣᠯᠵᠣᠯᠲᠤ ᠲᠤᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠨᠡᠭᠦᠷᠡᠰᠦᠲᠥ᠋ᠷᠥᠭᠴᠢ ᠶᠢᠨ ᠣᠷᠣᠭᠤᠯᠤᠯᠲᠠ ᠪᠠ ᠴᠠᠬᠢᠯᠭᠠᠨ ᠡᠨᠧᠷᠭᠢ ᠶᠢᠨ ᠬᠤᠷᠣᠭᠳᠠᠯ ᠢ ᠶᠡᠭᠡ ᠪᠠᠷ ᠪᠠᠭᠠᠰᠬᠠᠵᠠᠢ᠃ ᠡᠭᠦᠨ ᠤ ᠬᠠᠮᠲᠤ᠂ ᠪᠣᠬᠢᠷ ᠤᠰᠤ ᠶᠢ ᠰᠢᠢᠳᠪᠦᠷᠢᠯᠡᠬᠦ ᠪᠥᠬᠦ ᠶᠠᠪᠤᠴᠠ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠦᠨᠡᠯᠡᠨ ᠵᠢᠱᠢᠬᠦ ᠪᠠ ᠲᠣᠭᠠᠴᠠᠭ᠎ᠠ ᠬᠢᠬᠦ ᠶᠢ ᠬᠠᠶᠢᠨ ᠰᠦᠪᠡᠭᠴᠢᠯᠡᠵᠦ᠂ ᠪᠣᠬᠢᠷ ᠤᠰᠤ ᠶᠢ ᠴᠤᠭᠯᠠᠭᠤᠯᠵᠤ ᠰᠢᠢᠳᠪᠦᠷᠢᠯᠡᠬᠦ᠂ ᠪᠣᠬᠢᠷᠲᠤᠯ ᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ