ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠲᠤᠶᠢᠯ ᠤᠨ ᠣᠨᠣᠪᠴᠢᠲᠠᠶ ᠪᠠᠷ ᠨᠠᠶᠢᠳᠠᠪᠤᠷᠢᠵᠢᠭᠤᠯᠤᠨ᠂ ᠮᠡᠷᠭᠡᠵᠢᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠢᠳᠡᠪᠬᠢᠲᠡᠢ ᠲᠡᠭᠦᠯᠳᠡᠷᠵᠢᠭᠦᠯᠵᠦ᠂ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠤ ᠨᠥᠭᠡᠴᠡ ᠬᠦᠴᠦᠨ ᠢ ᠶᠡᠭᠡ ᠪᠠᠷ ᠠᠭᠤᠳᠠᠯᠤᠨ ᠪᠣᠶᠢᠵᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠯᠠᠷᠢᠭᠤᠯᠬᠤ ᠶᠢ ᠲᠦᠷᠭᠡᠳᠬᠡᠨ᠎ᠡ᠃ | ᠡᠨᠡ ᠵᠢᠯ᠂ ᠬᠥᠬᠡᠬᠤᠲᠠ ᠶᠢᠨ ᠰᠢᠨ᠎ᠡ ᠪᠠᠷ ᠨᠡᠮᠡᠭᠳᠡᠭᠰᠡᠨ ᠮᠡᠷᠭᠡᠵᠢᠯ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ 15 ᠪᠠᠶᠢᠵᠤ᠂ ᠶᠡᠷᠦᠩᠬᠡᠢ ᠲᠤᠭ᠎ᠠ ᠨᠢ 37 | ᠪᠣᠯᠵᠤ᠂ ᠪᠥᠬᠦ ᠣᠷᠣᠨ ᠤ ᠲᠡᠷᠢᠭᠦᠨ ᠳᠤ ᠣᠷᠣᠪᠠ᠃ ᠲᠦᠷᠦᠭᠦᠦ ᠭᠤᠷᠪᠠᠨ ᠤᠯᠠᠷᠢᠯ ᠳᠤ᠂ ᠤᠯᠠᠷᠢᠯᠠᠭᠤᠯᠤᠭᠰᠠᠨ ᠦᠷ᠎ᠡ ᠪᠦᠲᠦᠭᠡᠯ ᠢ ᠨᠡᠶᠢᠲᠡ 1411 ᠵᠦᠢᠯ | ᠰᠢᠩᠭᠡᠬᠡᠨ ᠠᠪᠴᠤ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠲᠤᠭ᠎ᠠ 18.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 104.9% ᠪᠠᠷ ᠨᠡᠮᠡᠭᠳᠡᠵᠦ᠂ ᠪᠥᠬᠦ ᠣᠷᠣᠨ ᠤ 40.3% ᠶᠢ ᠡᠵᠡᠯᠡᠪᠡ᠃ ᠣᠶᠢᠷ᠎ᠠ ᠳᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ ᠤ ᠨᠡᠶᠢᠲᠡᠯᠡᠭᠰᠡᠨ 2024 ᠣᠨ ᠤ ᠲᠠᠷᠢᠶᠠᠯᠠᠩ ᠤᠨ ︽ᠤᠴᠢ ᠮᠡᠷᠭᠡᠵᠢᠯ︾ ᠤᠨ ᠨᠡᠷᠡᠰ ᠤᠨ | ᠵᠢᠭᠰᠠᠭᠠᠯᠲᠠ ᠳᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠨᠡᠪᠴᠢᠭᠦᠯᠦᠭᠰᠡᠨ ᠠᠵᠤ ᠠᠬᠤᠶᠢᠯᠠᠯ — | ᠥᠪᠥᠷ ᠮᠣᠩᠭᠤᠯ ᠤᠨ ᠬᠤᠤ ᠺᠤᠸᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ᠬᠤᠨᠢᠨ ᠤ ᠪᠡᠶ᠎ᠡ ᠶᠢᠨ ᠬᠡᠮᠵᠢᠭᠦᠷᠯᠢᠭ ᠢᠶᠠᠷ | ᠬᠡᠮᠵᠢᠨ ᠲᠣᠭᠲᠠᠭᠠᠬᠤ ᠰᠢᠰᠲ᠋ᠧᠮ︾ ᠠᠮᠵᠢᠯᠲᠠᠲᠠᠢ ᠰᠣᠩᠭᠤᠭᠳᠠᠪᠠ᠃ ︵ᠬᠥᠬᠡᠬᠤᠲᠠ ᠶᠢᠨ ᠵᠠᠰᠠᠭ ᠤᠨ ᠣᠷᠳᠣᠨ︶ |