ᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠵᠡᠷᠭᠡ 4 ᠬᠤᠪᠢᠰᠬᠠᠯ ᠤᠨ ᠣᠷᠳᠣᠨ ᠳᠤ ︽ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠭᠠᠵᠠᠷ︾ ᠤᠨ ᠴᠣᠯᠠ ᠣᠯᠭᠤᠪᠠ
ᠨᠡᠶᠢᠲᠡᠯᠡᠭᠰᠡᠨ ᠴᠠᠭ᠄
2024/11/15
       ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠳᠤᠮᠳᠠᠳᠤ ᠤᠯᠤᠰ ᠤᠨ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠰᠠᠭᠤᠷᠢᠨ ᠭᠠᠵᠠᠷ ᠤᠨ 13   ᠬᠤᠪᠢᠰᠬᠠᠯ ᠤᠨ ᠣᠷᠳᠣᠨ ᠳᠤ〈 ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠭᠠᠵᠠᠷ 〉 ᠤᠨ ᠫᠠᠶᠢᠰᠠ ᠣᠯᠭᠤᠬᠤ ᠲᠤᠬᠠᠢ ᠲᠣᠭᠲᠠᠭᠠᠯ︾ ᠭᠠᠷᠭᠠᠵᠤ᠂ ᠡᠭᠦᠨ ᠳᠤ ᠦᠴᠤᠸᠠᠨ ᠰᠢᠶᠠᠨ ᠤ ︽ᠳᠠᠯᠠᠨ ᠬᠠᠷ᠎ᠠ ᠠᠭᠤᠯᠠ ᠶᠢᠨ ᠶᠠᠫᠣᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠦᠵᠡᠭᠦᠯᠦᠯᠭᠡ ᠶᠢᠨ ᠣᠷᠳᠣᠨ︾᠂ ᠲᠦᠮᠡᠳ ᠵᠡᠭᠦᠨ ᠬᠤᠰᠢᠭᠤᠨ ᠤ ︽ᠤᠯᠠᠭᠠᠨᠬᠦᠦ ᠶᠢᠨ ᠬᠠᠭᠤᠴᠢᠨ ᠰᠠᠭᠤᠴᠠ︾᠂ ᠰᠢᠨ᠎ᠡ ᠬᠤᠲᠠ ᠲᠣᠭᠤᠷᠢᠭ ᠤᠨ         ︽ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ︾᠂ ᠴᠢᠩ ᠱᠦᠢ ᠾᠧ ᠰᠢᠶᠠᠨ ᠤ ︽ᠯᠤᠤ ᠨᠢᠦ ᠫᠦᠸᠧ ᠨᠠᠮ ᠤᠨ ᠡᠭᠦᠷ ᠤᠨ ᠬᠠᠭᠤᠴᠢᠨ ᠪᠠᠭᠤᠷᠢ︾ ᠵᠡᠷᠭᠡ 4  ᠬᠤᠪᠢᠰᠬᠠᠯ ᠤᠨ ᠣᠷᠳᠣᠨ ᠵᠢᠭᠰᠠᠭᠠᠭᠳᠠᠪᠠ᠃ 11 ᠳ᠋ᠦ᠋ᠭᠡᠷ ᠰᠠᠷ᠎ᠠ ᠶᠢᠨ 14 ᠤ ᠡᠳᠦᠷ᠂ ᠥᠪᠥᠷ ᠮᠣᠩᠭᠤᠯ᠂ ᠬᠥᠬᠡᠬᠤᠲᠠ ᠬᠤᠶᠠᠷ ᠱᠠᠲᠤᠨ ᠤ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠲᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃      ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠨᠡ 4 ︽ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠭᠠᠵᠠᠷ︾ ᠤᠨ ᠠᠭᠤᠯᠭ᠎ᠠ ᠨᠢ ᠢᠯᠡ ᠲᠣᠳᠣ᠂ ᠬᠤᠪᠢᠰᠬᠠᠯ ᠤᠨ ᠰᠠᠭᠤᠷᠢᠨ ᠭᠠᠵᠠᠷ ᠤᠨ ᠪᠠᠶᠢᠭᠤᠯᠤᠭᠰᠠᠨ ᠲᠡᠦᠬᠡ ᠪᠠ ᠲᠡᠦᠬᠡᠲᠦ ᠬᠤᠪᠢ ᠨᠡᠮᠡᠷᠢ ᠶᠢ ᠬᠦᠢᠴᠡᠳ ᠳᠡᠯᠭᠡᠨ ᠦᠵᠡᠭᠦᠯᠵᠦ᠂ ᠬᠤᠪᠢᠰᠬᠠᠯ ᠤᠨ ᠰᠠᠭᠤᠷᠢᠨ ᠭᠠᠵᠠᠷ ᠤᠨ ᠵᠣᠷᠢᠭ ᠰᠠᠨᠠᠭᠠᠨ ᠤ ᠭᠦᠨᠵᠡᠭᠡᠶ ᠠᠭᠤᠯᠤᠭᠳᠠᠬᠤᠨ ᠢ ᠣᠯᠠᠨ ᠳᠤ ᠤᠬᠠᠭᠤᠯᠪᠠ᠃ ᠰᠠᠭᠤᠷᠢ ᠠᠵᠢᠯ ᠨᠢ ᠯᠠᠪᠳᠠᠭᠤᠨ ᠪᠠᠲᠤᠲᠠᠶ᠂ ᠣᠷᠳᠣᠨ ᠤ ᠲᠥᠬᠦᠭᠡᠷᠦᠮᠵᠢ ᠪᠦᠷᠢᠨ ᠲᠥᠬᠦᠷ᠂ ᠤᠬᠠᠭᠤᠯᠤᠨ ᠲᠠᠶᠢᠯᠪᠤᠷᠢᠯᠠᠬᠤ ᠮᠠᠲ᠋ᠧᠷᠢᠶᠠᠯ ᠨᠢ ᠨᠠᠷᠢᠨ ᠪᠣᠳᠠᠲᠠᠶ ᠪᠥᠭᠡᠳ ᠠᠮᠢᠳᠤᠯᠢᠭ᠃ ᠬᠠᠮᠢᠶᠠᠷᠤᠯᠲᠠ ᠨᠢ ᠵᠢᠷᠤᠮᠵᠢᠯ ᠲᠠᠢ᠂ ᠪᠠᠶᠢᠭᠤᠯᠤᠮᠵᠢ ᠪᠦᠷᠢᠨ᠂ ᠳᠦᠷᠢᠮ ᠲᠣᠭᠲᠠᠭᠠᠯ ᠪᠠ ᠵᠠᠷᠤᠳᠠᠯ ᠨᠢ ᠨᠠᠶᠢᠳᠠᠪᠤᠷᠢᠲᠠᠢ᠃ ᠴᠢᠳᠠᠮᠵᠢ ᠦᠢᠯᠡᠳᠦᠯ ᠨᠢ ᠢᠯᠡᠷᠬᠡᠶ᠂ ᠨᠡᠯᠢᠶᠡᠳ ᠥᠨᠳᠥᠷ ᠠᠯᠳᠠᠷᠰᠢᠯ ᠪᠠ ᠦᠵᠡᠭᠴᠢᠳ ᠤᠨ ᠤᠷᠤᠰᠬᠠᠯ ᠤᠨ ᠬᠡᠮᠵᠢᠶ᠎ᠡ ᠲᠠᠢ᠂ ᠨᠡᠶᠢᠭᠡᠮ ᠤᠨ ᠨᠥᠯᠥᠭᠡ ᠨᠢ ᠥᠷᠭᠡᠨ ᠳᠡᠯᠭᠡᠷ ᠪᠠᠶᠢᠳᠠᠭ᠃      ᠳᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ ᠨᠢ ᠠᠮᠵᠢᠯᠲᠠ ᠪᠠᠨ ᠪᠠᠳᠠᠷᠠᠭᠤᠯᠵᠤ᠂ ᠦᠷᠭᠦᠯᠵᠢᠯᠡ ᠴᠢᠷᠮᠠᠶᠢᠵᠤ᠂ ᠬᠤᠪᠢᠰᠬᠠᠯ ᠤᠨ ᠰᠠᠭᠤᠷᠢᠨ ᠭᠠᠵᠠᠷ ᠤᠨ ᠦᠯᠡᠳᠡᠭᠳᠡᠯ ᠣᠷᠳᠣᠨ ᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠠᠮ ᠪᠠ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠴᠢᠩᠭᠠᠳᠬᠠᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳᠡᠭᠡᠷ ᠬᠤᠪᠢᠰᠬᠠᠯ ᠤᠨ ᠣᠷᠳᠣᠨ ᠢ ᠲᠤᠰ ᠪᠡᠶ᠎ᠡ ᠶᠢᠨ ᠳᠠᠪᠠᠭᠤᠯᠢᠭ ᠢᠶᠠᠨ ᠨᠡᠩ ᠰᠠᠶᠢᠲᠤᠷ ᠪᠠᠳᠠᠷᠠᠭᠤᠯᠵᠤ᠂ ᠬᠤᠪᠢᠰᠬᠠᠯ ᠤᠨ ᠤᠯᠠᠮᠵᠢᠯᠠᠯ ᠪᠠ ᠵᠣᠷᠢᠭ ᠰᠠᠨᠠᠭ᠎ᠠ ᠶᠢ ᠤᠬᠠᠭᠤᠯᠤᠨ ᠪᠠᠳᠠᠷᠠᠭᠤᠯᠵᠤ᠂ ᠬᠥᠮᠦᠨ ᠢ ᠬᠦᠮᠦᠵᠢᠭᠦᠯᠦᠨ ᠵᠣᠷᠢᠭ ᠢ ᠨᠢᠭᠲᠠᠷᠠᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠭᠠᠨ᠎ᠠ᠃ ᠡᠭᠦᠨ ᠤ ᠬᠠᠮᠲᠤ᠂ ᠳᠡᠯᠭᠡᠨ ᠦᠵᠡᠭᠦᠯᠬᠦ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠢᠵᠢ ᠪᠦᠷᠢᠳᠦᠭᠦᠯᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠬᠤᠪᠢᠰᠬᠠᠯ ᠤᠨ ᠣᠷᠣᠨ ᠤ ᠵᠣᠷᠢᠭ ᠰᠠᠨᠠᠭ᠎ᠠ ᠶᠢ ᠤᠬᠠᠭᠤᠯᠤᠨ ᠪᠠᠳᠠᠷᠠᠭᠤᠯᠬᠤ᠂ ᠬᠤᠪᠢᠰᠬᠠᠯ ᠤᠨ ᠤᠳᠤᠮᠰᠢᠯ ᠢ ᠦᠷᠭᠦᠯᠵᠢᠯᠡᠨ ᠤᠯᠠᠮᠵᠢᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ