ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 14 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠡᠳᠦᠷ᠂ | ᠯᠢᠮᠠ ᠳᠤ ᠬᠦᠷᠴᠦ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠭᠤᠴᠢᠨ ᠨᠢᠭᠡᠳᠦᠭᠡᠷ ᠤᠳᠠᠭ᠎ᠠ ᠶᠢᠨ ᠠᠯᠪᠠᠨ ᠶᠣᠰᠣᠨ ᠤ ᠪᠤᠰᠤ ᠬᠤᠷᠠᠯ ᠳᠤ | ᠣᠷᠤᠯᠴᠠᠬᠤ ᠲᠠᠰᠢᠷᠠᠮ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ ᠫᠧᠷᠦ᠋ᠴᠦᠳ ᠰᠣᠨᠢᠨ ︾ ᠳᠤ ︽ ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ | ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ ︾ ᠭᠡᠬᠦ ᠰᠡᠳᠦᠪ ᠢᠶᠠᠷ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ | ᠮᠡᠲᠦ ᠄ | | | ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ | | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | | ᠡᠮᠦᠨᠡᠲᠦ ᠬᠠᠭᠠᠰ ᠪᠥᠮᠪᠥᠷᠴᠡᠭ ᠤᠨ ᠵᠤᠨ ᠤ ᠡᠬᠢᠨ ᠰᠠᠷ᠎ᠠ ᠳᠤ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠨ᠎ᠠ᠃ ᠶᠡᠷᠦᠩᠬᠡᠶᠢᠯᠡᠭᠴᠢ | ᠪᠦᠷᠦ᠊ ᠆ ᠠᠷᠲ᠋ᠧ ᠶᠢᠨ ᠤᠷᠢᠯᠭ᠎ᠠ ᠪᠠᠷ᠂ ᠤᠢ ᠪᠦᠭᠦᠳᠡ ᠨᠠᠶᠢᠷᠠᠮᠳᠠᠬᠤ ᠫᠧᠷᠦ᠋ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠽᠢᠶ᠎ᠠ | ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ | ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠤᠯᠴᠠᠬᠤ ᠪᠠᠷ ᠪᠠᠶᠢᠨ᠎ᠠ᠃ | ᠡᠨᠡ ᠪᠣᠯ ᠤᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ ᠬᠤᠶᠠᠳᠠᠭᠢ ᠤᠳᠠᠭ᠎ᠠ | ᠫᠧᠷᠦ᠋ ᠭᠡᠬᠦ ᠡᠨᠡ ᠬᠦ ᠳᠤᠮᠳᠠᠳᠤ ᠤᠯᠤᠰ ᠤᠨ ᠨᠣᠮᠣᠬᠠᠨ ᠲᠡᠯᠡᠶ ᠶᠢᠨ ᠲᠡᠷᠲᠡᠭᠡ ᠡᠷᠭᠢ ᠳᠠᠬᠢ ︽ ᠬᠥᠷᠰᠢ ᠵᠡᠷᠭᠡᠯᠡᠳᠡᠭᠡ ︾ ᠤᠯᠤᠰ ᠲᠤ ᠠᠶᠢᠯᠴᠢᠯᠠᠬᠤ ᠪᠠᠷ ᠪᠠᠶᠢᠭ᠎ᠠ | ᠶᠠᠪᠤᠳᠠᠯ ᠪᠣᠯᠣᠨ᠎ᠠ᠃ ᠠᠳᠡ ᠺᠠᠯᠠᠷ᠂ ᠴᠠᠸᠢᠨ᠂ ᠴᠢᠮᠦ᠂ ᠢᠨᠺᠠ ᠵᠡᠷᠭᠡ ᠡᠷᠲᠡᠨ ᠤ ᠪᠣᠯᠪᠠᠰᠤᠨ ᠢ ᠪᠣᠶᠢᠵᠢᠭᠤᠯᠵᠠᠢ᠂ ᠠᠳᠡᠬᠢ ᠠᠷᠠᠳ ᠲᠦᠮᠡᠨ ᠳᠤᠮᠳᠠᠳᠤ | ᠤᠯᠤᠰ ᠤᠨ ᠬᠥᠮᠥᠨ ᠢ ︽ ᠨᠤᠲᠤᠭ ᠤᠨ ᠠᠬ᠎ᠠ ᠳᠡᠭᠦᠦ︾ ᠭᠡᠵᠦ ᠳᠣᠲᠣᠨᠣᠴᠢᠯᠠᠨ ᠳᠠᠭᠤᠳᠠᠳᠠᠭ᠂ ᠠᠳᠡᠬᠢ ᠤᠯᠤᠰ ᠤᠨ ᠬᠤᠷᠠᠯ ᠠᠴᠠ ᠰᠢᠢᠳᠪᠦᠷᠢ ᠪᠠᠲᠤᠯᠠᠵᠤ ᠵᠢᠯ | ᠪᠦᠷᠢ ᠶᠢᠨ 2 ᠰᠠᠷ᠎ᠠ ᠶᠢᠨ 1 ᠤ ᠡᠳᠦᠷ ᠢ ︽ ᠫᠧᠷᠦ᠋ ᠳᠤᠮᠳᠠᠳᠤ ᠶᠢᠨ ᠨᠥᠬᠦᠷᠯᠡᠯ ᠤᠨ ᠡᠳᠦᠷ ︾ ᠢᠶᠠᠷ ᠲᠣᠭᠲᠠᠭᠠᠵᠤ᠂ ᠠᠳᠡᠬᠢ ᠬᠢᠲᠠᠳ ᠬᠤᠭᠤᠯᠠᠨ ᠭᠡᠷ ᠢ ︽ | ᠬᠤᠭᠤᠯᠠ ᠢᠳᠡᠬᠦ ︾ ᠭᠡᠵᠦ ᠨᠡᠷᠡᠶᠢᠳᠬᠦ ᠪᠠᠷ ᠪᠠᠶᠢᠨ᠎ᠠ᠃ ᠫᠧᠷᠦ᠋ ᠳᠤ ᠢᠷᠡᠬᠦ ᠪᠣᠯᠭᠠᠨ᠂ ᠤᠢ ᠫᠧᠷᠦ᠋ ᠶᠢᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ | ᠲᠦᠮᠡᠨ ᠳᠤ ᠨᠥᠭᠦᠷᠰᠡᠭ ᠬᠠᠶᠢᠷ᠎ᠠ ᠰᠡᠳᠬᠢᠯᠭᠡ ᠲᠠᠢ ᠪᠠᠶᠢᠬᠤ ᠶᠢ ᠭᠦᠨ ᠮᠡᠳᠡᠷᠡᠵᠦ ᠣᠯᠳᠠᠭ᠃ | ᠡᠨᠡ ᠬᠦ ᠨᠥᠬᠦᠷᠯᠡᠯ ᠡᠷᠲᠡᠨ ᠤ ᠪᠣᠯᠪᠠᠰᠤᠨ ᠤ ᠣᠶᠤᠨ ᠤᠬᠠᠭᠠᠨ ᠳᠤ ᠦᠨᠳᠦᠰᠦᠯᠡᠨ᠎ᠡ᠃ ᠳᠤᠮᠳᠠᠳᠤ ᠶᠢᠨ ᠪᠣᠯᠪᠠᠰᠤᠨ ᠪᠣᠯ ᠳᠡᠯᠡᠬᠡᠢ ᠳᠡᠭᠡᠷᠡᠬᠢ ᠴᠣᠷᠢ ᠶᠢᠨ | ᠭᠠᠭᠴᠠ ᠲᠠᠰᠤᠯᠳᠠᠭ᠎ᠠ ᠦᠭᠡᠢ᠂ 5000 ᠭᠠᠷᠤᠢ ᠵᠢᠯ ᠦᠷᠭᠦᠯᠵᠢᠯᠡᠭᠰᠡᠨ ᠪᠣᠯᠪᠠᠰᠤᠨ ᠮᠥᠨ᠂ ᠺᠠᠯᠠᠷ ᠤᠨ ᠪᠣᠯᠪᠠᠰᠤᠨ ᠢᠶᠠᠷ ᠲᠥᠯᠥᠭᠡᠯᠡᠭᠦᠯᠦᠭᠰᠡᠨ ᠲᠠᠯᠠᠢ | ᠲᠠᠩᠭᠢᠰ ᠤᠨ ᠪᠣᠯᠪᠠᠰᠤᠨ ᠪᠠ ᠢᠨᠺᠠ ᠶᠢᠨ ᠪᠣᠯᠪᠠᠰᠤᠨ ᠢᠶᠠᠷ ᠲᠥᠯᠥᠭᠡᠯᠡᠭᠦᠯᠦᠭᠰᠡᠨ ᠡᠬᠡ ᠬᠠᠭᠤᠷᠠᠢ ᠶᠢᠨ ᠪᠣᠯᠪᠠᠰᠤᠨ ᠨᠢ ᠫᠧᠷᠦ᠋ ᠶᠢᠨ ᠪᠣᠯᠪᠠᠰᠤᠨ ᠤ ᠥᠨᠢ ᠤᠳᠠᠭᠠᠨ | ᠲᠡᠦᠬᠡ ᠪᠠ ᠡᠯᠪᠡᠭ ᠤᠠᠶᠠᠯᠢᠭ ᠤᠯᠠᠨ ᠡᠰᠢᠵᠢᠯ ᠢ ᠢᠯᠡᠷᠡᠭᠦᠯᠦᠭᠰᠡᠨ ᠪᠠᠶᠢᠨ᠎ᠠ᠃ ᠳᠤᠮᠳᠠᠳᠤ ᠭᠠᠳᠠᠭᠠᠳᠤ ᠶᠢᠨ ᠬᠠᠭᠤᠴᠢ ᠰᠤᠳᠤᠯᠤᠯ ᠤᠨ ᠡᠲᠡᠭᠡᠳ ᠤᠨ ᠬᠢᠨ᠂ | ᠳᠤᠮᠳᠠᠳᠤ ᠶᠢᠨ ᠪᠣᠯᠪᠠᠰᠤᠨ ᠪᠣᠯᠣᠨ ᠠᠮᠧᠷᠢᠺᠠ ᠲᠢᠪ ᠤᠨ ᠪᠣᠯᠪᠠᠰᠤᠨ ᠪᠣᠯ ᠦᠨᠡᠨ ᠳᠡᠭᠡᠨ ᠨᠢᠭᠡ ᠡᠪᠦᠭᠡ ᠳᠡᠭᠡᠳᠦᠰ ᠤᠨ ᠬᠤᠶᠢᠴᠢ ᠦᠶ᠎ᠡ ᠶᠢᠨ ᠬᠢᠨ ᠤ ᠠᠳᠠᠯᠢ ᠪᠤᠰᠤ | ᠴᠠᠭ ᠦᠶ᠎ᠡ᠂ ᠠᠳᠠᠯᠢ ᠪᠤᠰᠤ ᠭᠠᠵᠠᠷ ᠣᠷᠣᠨ ᠳᠠᠬᠢ ᠪᠦᠲᠦᠭᠡᠭᠳᠡᠬᠦᠨ ᠮᠥᠨ ᠭᠡᠵᠦ ᠦᠵᠡᠵᠦ ᠪᠠᠶᠢᠨ᠎ᠠ᠃ ᠪᠣᠯᠪᠠᠰᠤᠨ ᠤ ᠣᠶᠤᠨ ᠤᠬᠠᠭᠠᠨ ᠨᠢ ᠪᠢᠳᠡᠨ ᠤ | ᠣᠶᠢᠯᠠᠭᠠᠭᠳᠠᠬᠤᠨ ᠢ ᠣᠶᠢᠷᠠᠲᠤᠭᠤᠯᠵᠤ᠂ ᠰᠡᠳᠬᠢᠯ ᠰᠠᠨᠠᠭ᠎ᠠ ᠶᠢ ᠨᠡᠪᠲᠡᠷᠡᠯᠴᠡᠭᠦᠯᠪᠡ᠃ ᠳᠤᠮᠳᠠᠳᠤᠴᠤᠳ ᠡᠷᠲᠡᠨ ᠠᠴᠠ ᠪᠠᠨ ᠠᠪᠤᠭᠠᠳ ︽ ᠦᠨᠡᠨᠴᠢ ᠰᠢᠳᠤᠷᠭᠤ ᠪᠠᠷ | ᠶᠣᠰᠣ ᠵᠢᠷᠤᠮ ᠪᠤᠯᠭᠠᠵᠤ᠂ ᠥᠷᠥᠰᠢᠶᠡᠯ ᠡᠨᠡᠷᠢᠯ ᠢᠶᠠᠷ ᠮᠣᠷᠠᠯ ᠰᠤᠷᠲᠠᠯ ᠪᠤᠯᠭᠠᠬᠤ ︾ ᠶᠢ ᠡᠷᠭᠢᠮᠯᠡᠳᠡᠭ᠂ ᠢᠨᠺᠠᠴᠤᠳ ︽ ᠬᠤᠯᠠᠭᠠᠶᠢᠯᠠᠬᠤ ᠦᠭᠡᠢ᠂ ᠬᠤᠳᠠᠯ ᠬᠡᠯᠡᠬᠦ | ᠦᠭᠡᠢ᠂ ᠠᠯᠵᠠᠭᠤ ᠵᠠᠯᠬᠠᠭᠤ ᠦᠭᠡᠢ ︾ ᠪᠠᠶᠢᠬᠤ ᠶᠢ ᠰᠠᠨᠠᠭᠠᠴᠢᠯᠠᠳᠠᠭ᠃ ᠫᠧᠷᠦ᠋ ᠶᠢᠨ ᠪᠣᠳᠣᠯᠭᠠᠲᠠᠨ ᠮᠠᠷᠢᠶᠠᠲᠵᠢ ᠄ ︽ ᠤᠶᠤᠨ ᠰᠠᠨᠠᠭ᠎ᠠ ᠪᠠ ᠪᠣᠳᠠᠰ ᠤᠨ ᠲᠠᠯ᠎ᠠ ᠪᠠᠷ | ᠳᠤᠮᠳᠠᠳᠤ ᠤᠯᠤᠰ ᠡᠸᠦ᠋ᠷᠦᠫᠡ ᠲᠢᠪ ᠠᠴᠠ ᠨᠡᠩ ᠢᠯᠡᠭᠦᠦ ᠪᠢᠳᠠᠨ ᠲᠠᠢ ᠣᠶᠢᠷᠠᠯᠴᠠᠭ᠎ᠠ ᠶᠤᠮ᠃ ᠮᠠᠨ ᠤ ᠠᠷᠠᠳ ᠲᠦᠮᠡᠨ ᠤ ᠰᠡᠳᠬᠢᠴᠡ ᠠᠽᠢᠶ᠎ᠠ ᠶᠢᠨ ᠬᠥᠮᠥᠨ ᠲᠠᠢ | ᠨᠠᠩ ᠠᠳᠠᠯᠢ ᠠᠴᠠ ᠪᠢᠰᠢ ᠬᠠᠷᠢᠨ ᠥᠷᠥᠨᠡᠳᠠᠬᠢᠨ ᠤ ᠬᠥᠮᠥᠨ ᠲᠠᠢ ᠠᠳᠠᠯᠢ ᠪᠢᠰᠢ ᠶᠤᠮ ︾ ᠭᠡᠵᠦ ᠬᠡᠯᠡᠵᠦ ᠥᠩᠭᠡᠷᠡᠪᠡ᠃ ᠡᠨᠡ ᠪᠣᠯ ᠳᠤᠮᠳᠠᠳᠤ ᠶᠢᠨ ᠨᠡᠭᠦᠳᠡᠯ | ᠠᠷᠠᠳ ᠤᠨ 175 ᠵᠢᠯ ᠤᠨ ᠲᠤᠷᠰᠢᠬᠢ ᠫᠧᠷᠦ᠋ ᠶᠢᠨ ᠠᠷᠠᠳ ᠲᠦᠮᠡᠨ ᠯᠦᠭᠡ ᠶᠢᠨ ᠴᠢᠰᠤ ᠮᠢᠬᠠᠨ ᠤ ᠤᠠᠷᠢᠯᠳᠤᠯᠭᠠ᠂ ᠰᠠᠯᠤᠰᠢ ᠦᠭᠡᠢ ︽ ᠪᠣᠯᠪᠠᠰᠤᠨ ᠤ ᠨᠢᠭᠤᠴᠠ | ᠨᠣᠮᠧᠷ ︾ ᠪᠣᠯᠣᠨ᠎ᠠ᠃ ᠣᠶᠢᠷ᠎ᠠ ᠳᠤ ᠬᠤᠶᠠᠷ ᠤᠯᠤᠰ ᠤᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠫᠧᠷᠦ᠋ ᠳᠤ ︽ ᠣᠷᠳᠣ ᠴᠠᠭᠠᠨ ᠬᠡᠷᠡᠮ ᠠᠴᠠ ᠮᠠᠴᠦ᠋ᠫᠢᠷᠴᠦ᠋ | ᠭᠦᠷᠲᠡᠯ᠎ᠡ ︾ ᠭᠡᠬᠦ ᠺᠢᠨᠣ᠋ ᠶᠢ ᠠᠩᠬ᠎ᠠ ᠦᠵᠡᠭᠦᠯᠭᠦ ᠶᠣᠰᠣᠯᠠᠯ ᠢ ᠡᠷᠭᠢᠯᠡᠵᠦ᠂ ︽ ᠭᠤᠷᠪᠠᠨ ᠴᠣᠭᠴᠠ ︾ ᠵᠡᠷᠭᠡ ᠳᠤᠮᠳᠠᠳᠤ ᠤᠯᠤᠰ ᠤᠨ ᠰᠢᠯᠢᠳᠡᠭ ᠺᠢᠨᠣ᠋ ᠲᠧᠯᠸᠢᠰ ᠤᠨ | ᠪᠦᠲᠦᠭᠡᠯ ᠢ ᠳᠡᠯᠭᠡᠨ ᠦᠵᠡᠭᠦᠯᠵᠦ ᠨᠡᠪᠲᠡᠷᠡᠭᠦᠯᠬᠦ ᠪᠣᠯᠣᠨ᠎ᠠ᠂ ᠡᠨᠡ ᠨᠢ ᠫᠧᠷᠦ᠋ ᠶᠢᠨ ᠨᠠᠶᠢᠵᠠ ᠨᠠᠷ ᠤᠨ ᠳᠤᠮᠳᠠᠳᠤ ᠤᠯᠤᠰ ᠢ ᠨᠠᠩ ᠭᠦᠨᠵᠡᠭᠡᠢ ᠣᠶᠢᠯᠠᠭᠠᠬᠤ ᠳᠤ | ᠠᠰᠢᠭᠲᠠᠢ ᠭᠡᠳᠡᠭ ᠢ ᠢᠲᠡᠭᠡᠵᠦ ᠪᠠᠶᠢᠨ᠎ᠠ᠃ | ᠡᠨᠡ ᠬᠦ ᠨᠥᠬᠦᠷᠯᠡᠯ ᠨᠢ ᠠᠯᠤᠰ ᠬᠤᠯᠠ ᠠᠴᠠ ᠭᠡᠷᠡᠯᠲᠦᠨ ᠰᠠᠴᠤᠷᠠᠭᠰᠠᠨ ᠲᠡᠦᠬᠡ ᠶᠢ ᠤᠯᠠᠮᠵᠢᠯᠠᠨ᠎ᠠ᠃ ᠳᠤᠮᠳᠠᠳᠤ ᠫᠧᠷᠦ᠋ ᠬᠤᠶᠠᠷ ᠤᠯᠤᠰ ᠤᠨ ᠠᠷᠠᠳ | ᠲᠦᠮᠡᠨ ᠨᠦᠭᠦᠭᠡ ᠡᠲᠡᠭᠡᠳ ᠢᠶᠠᠨ ᠣᠯᠵᠤ ᠦᠵᠡᠪᠡᠯ ︽ ᠬᠠᠯᠠᠭᠤᠨ ᠳᠣᠲᠣᠨᠣ ᠰᠠᠨᠠᠭᠳᠠᠵᠤ ︾᠂ ᠨᠦᠭᠦᠭᠡ ᠡᠲᠡᠭᠡᠳ ᠤᠨ ᠢᠶᠠᠨ ᠲᠡᠦᠬᠡ ᠶᠢᠨ ᠳᠤᠷᠠᠰᠬᠠᠯᠲᠤ ᠵᠦᠢᠯ ᠢ | ᠣᠯᠵᠤ ᠦᠵᠡᠪᠡᠯ ︽ ᠦᠵᠡᠵᠦ ᠥᠩᠭᠡᠷᠡᠭᠰᠡᠨ ᠮᠡᠲᠦ ︾ ᠰᠠᠨᠠᠭᠳᠠᠳᠠᠭ ᠭᠡᠵᠦ ᠮᠠᠰᠢ ᠤᠯᠠᠨ ᠬᠥᠮᠥᠨ ᠬᠡᠯᠡᠵᠦ ᠪᠠᠶᠢᠨ᠎ᠠ᠃ ᠵᠢᠱᠢᠶᠡᠯᠡᠪᠡᠯ᠂ ᠫᠧᠷᠦ᠋ ᠠᠴᠠ ᠮᠠᠯᠲᠠᠵᠤ | ᠭᠠᠷᠭᠠᠭᠰᠠᠨ ᠢᠨᠺᠠ ᠬᠥᠮᠥᠨ ᠤ ᠠᠯᠲᠠᠨ ᠤᠠᠭ ᠨᠢ ᠳᠤᠮᠳᠠᠳᠤ ᠤᠯᠤᠰ ᠤᠨ ᠰᠠᠨ ᠰᠢᠩ ᠳ᠋ᠦᠢ ᠶᠢᠨ ᠠᠯᠲᠠᠨ ᠤᠠᠭ ᠲᠠᠢ ᠡᠭᠡᠭᠡ ᠠᠳᠠᠯᠢᠬᠠᠨ ᠤᠠᠶᠢᠳᠠᠭ᠃ | ᠮᠠᠴᠦ᠋ᠫᠢᠷᠴᠦ᠋ ᠶᠢᠨ ᠡᠷᠲᠡᠨ ᠤ ᠬᠤᠲᠠ ᠶᠢᠨ ᠲᠠᠭᠢᠯᠭ᠎ᠠ ᠶᠢᠨ ᠲᠠᠶᠢᠰᠠᠨ ᠳᠡᠭᠡᠷ᠎ᠡ ᠨᠢᠭᠡ ᠬᠡᠰᠡᠭ ︽ ᠨᠠᠷᠠ ᠠᠷᠭᠠᠮᠵᠢᠬᠤ ᠴᠢᠯᠠᠭᠤ ︾ ᠤᠠᠶᠢᠳᠠᠭ᠂ ᠢᠨᠺᠠ ᠬᠥᠮᠥᠨ | ᠨᠡᠷᠡᠨ ᠤ ᠰᠡᠭᠦᠳᠡᠷ ᠤᠨ ᠬᠤᠪᠢᠷᠠᠯᠲᠠ ᠪᠠᠷ ᠤᠯᠠᠷᠢᠯ ᠢ ᠲᠣᠭᠲᠠᠭᠠᠵᠤ᠂ ᠴᠠᠭ ᠤᠯᠠᠷᠢᠯ ᠤᠨ ᠤᠢᠴᠢᠭ ᠢ ᠨᠠᠶᠢᠷᠠᠭᠤᠯᠤᠨ ᠵᠣᠬᠢᠶᠠᠵᠠᠢ᠂ ᠡᠨᠡ ᠨᠢ ᠳᠤᠮᠳᠠᠳᠤ ᠤᠯᠤᠰ ᠤᠨ | ᠡᠷᠲᠡᠨ ᠤ ᠡᠳᠦᠷ ᠤᠨ ᠬᠡᠮᠵᠢᠭᠦᠷ ᠲᠠᠢ ᠠᠷᠭ᠎ᠠ ᠨᠢ ᠣᠨᠳᠣᠣ ᠠᠮᠵᠢᠯᠲᠠ ᠨᠢ ᠠᠳᠠᠯᠢ ᠶᠤᠮ᠃ ᠳᠤᠮᠳᠠᠳᠤ ᠤᠯᠤᠰ ᠤᠨ ᠡᠷᠲᠡᠨ ᠤ ᠱᠤ᠋ ᠶᠢᠨ ᠡᠪᠦᠭᠡ ᠳᠡᠭᠡᠳᠦᠰ | ᠵᠢᠭᠦᠷ ᠢᠶᠠᠨ ᠳᠡᠯᠭᠡᠨ ᠬᠠᠯᠢᠨ ᠳᠡᠭᠦᠯᠢᠭᠰᠡᠨ ᠨᠡᠷᠡᠨ ᠰᠠᠬᠢᠭᠤᠯᠰᠤᠨ ᠰᠢᠪᠠᠭᠤ ᠪᠠᠷ ᠨᠠᠷᠠ ᠪᠠ ᠨᠡᠷᠡᠨ ᠰᠠᠬᠢᠭᠤᠯᠰᠤᠨ ᠢ ᠰᠢᠲᠦᠵᠦ ᠪᠠᠶᠢᠬᠤ ᠪᠠᠨ ᠢᠯᠡᠳᠬᠡᠭᠰᠡᠨ ᠨᠢ | ᠢᠨᠺᠠ ᠶᠢᠨ ᠪᠣᠯᠪᠠᠰᠤᠨ ᠲᠠᠢ ᠡᠭᠡᠭᠡ ᠠᠳᠠᠯᠢ ᠤᠠᠶᠢᠵᠤ᠂ ᠪᠦᠷ ᠭᠡᠭᠡᠨ ᠰᠠᠷᠠᠭᠤᠯ ᠢ ᠬᠦᠰᠡᠨ ᠮᠥᠷᠥᠭᠡᠳᠴᠦ ᠪᠠᠶᠢᠬᠤ ᠶᠢ ᠢᠯᠡᠷᠡᠭᠦᠯᠪᠡ᠃ ᠨᠢᠳᠤᠨᠤᠨ ᠠᠴᠠ ᠨᠠᠭᠠᠰᠢ᠂ | ︽ ᠶᠠᠭᠤ ᠶᠢ ᠪᠣᠯᠪᠠᠰᠤᠨ ᠭᠡᠬᠦ ᠪᠤᠢ ︾ ᠭᠡᠬᠦ ᠪᠦᠭᠦ ᠪᠥᠮᠪᠥᠷᠴᠡᠭ ᠤᠨ ᠲᠣᠭᠤᠷᠢᠨ ᠦᠵᠡᠭᠦᠯᠭᠡ ᠫᠧᠷᠦ᠋ ᠳᠤ ᠬᠦᠷᠴᠦ᠂ ︽ ᠢᠨᠺᠠ ᠶᠢᠨ ᠲᠡᠭᠷᠢ ᠶᠢᠨ ᠵᠠᠮ ︾ ᠪᠤᠯᠬᠤ | ᠠᠨᠳᠧᠰ ᠤᠨ ᠰᠣᠶᠣᠯ ᠤᠨ ᠦᠵᠡᠭᠦᠯᠭᠡ᠂ ︽ ᠢᠨᠺᠠᠴᠤᠳ ᠪᠠ ᠬᠠᠭᠠᠨᠲᠤ ᠤᠯᠤᠰ ᠤᠨ ᠲᠦᠷᠪᠡᠨ ᠵᠦᠭ ᠤᠨ ᠭᠠᠵᠠᠷ ︾ ᠵᠡᠷᠭᠡ ᠦᠵᠡᠭᠦᠯᠭᠡ ᠨᠢ ᠳᠤᠮᠳᠠᠳᠤ ᠤᠯᠤᠰ ᠲᠤ | ᠢᠷᠡᠵᠤ᠂ ᠬᠤᠶᠠᠷ ᠤᠯᠤᠰ ᠤᠨ ᠠᠷᠠᠳ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃ ᠣᠶᠢᠷ᠎ᠠ ᠳᠤ᠂ ᠬᠤᠶᠠᠷ ᠲᠠᠯ᠎ᠠ ᠪᠠᠷ ᠢᠶᠠᠨ ᠫᠧᠷᠦ᠋ ᠳᠤ ︽ ᠨᠡᠷᠡᠨ ᠤ ᠭᠡᠷᠡᠯ ᠄ | ᠡᠷᠲᠡᠨ ᠤ ᠱᠤ᠋ ᠤᠯᠤᠰ ᠤᠨ ᠪᠣᠯᠪᠠᠰᠤᠨ ᠬᠢᠭᠡᠳ ᠢᠨᠺᠠ ᠶᠢᠨ ᠪᠣᠯᠪᠠᠰᠤᠨ ᠤ ᠬᠠᠷᠢᠯᠴᠠᠨ ᠲᠣᠯᠢᠯᠠᠬᠤ ᠦᠵᠡᠭᠦᠯᠭᠡ ︾ ᠶᠢ ᠡᠷᠭᠢᠯᠡᠪᠠ᠂ ᠣᠯᠠᠨ ᠤ ᠲᠣᠭᠤᠷᠢᠨ | ᠦᠵᠡᠬᠦ ᠪᠠᠷ ᠢᠷᠡᠬᠦ ᠶᠢ ᠤᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠫᠧᠷᠦ᠋ ᠶᠢᠨ ᠪᠣᠯᠪᠠᠰᠤᠨ ᠰᠣᠯᠪᠢᠴᠠᠨ ᠭᠡᠷᠡᠯᠲᠦᠭᠰᠡᠨ ᠨᠠᠩ ᠣᠯᠠᠨ ᠭᠠᠵᠠᠷ ᠢ ᠡᠷᠢᠵᠦ ᠣᠯᠬᠤ ᠨᠢ | ᠯᠠᠪᠲᠠᠢ ᠭᠡᠳᠡᠭ ᠢ ᠢᠲᠡᠭᠡᠵᠦ ᠪᠠᠶᠢᠨ᠎ᠠ᠃ | ᠡᠨᠡ ᠬᠦ ᠨᠥᠬᠦᠷᠯᠡᠯ ᠨᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠬᠠᠮᠲᠤᠷᠠᠯᠴᠠᠭ᠎ᠠ ᠪᠠᠷ ᠭᠦᠨᠵᠡᠭᠡᠶᠢᠷᠡᠪᠡ᠃ ᠫᠧᠷᠦ᠋ ᠪᠣᠯ ᠬᠠᠮᠤᠭ ᠤᠨ ᠡᠷᠲᠡ | ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ᠤᠠᠶᠢᠭᠤᠯᠤᠭᠰᠠᠨ ᠯᠠᠲ᠋ᠢᠨ ᠠᠮᠧᠷᠢᠺᠠ ᠶᠢᠨ ᠤᠯᠤᠰ ᠤᠨ ᠨᠢᠭᠡ ᠪᠣᠯᠣᠨ᠎ᠠ᠃ ᠬᠠᠭᠠᠰ ᠢᠯᠡᠭᠦᠦ ᠵᠠᠭᠤᠨ ᠤ ᠲᠤᠷᠰᠢ᠂ | ᠳᠤᠮᠳᠠᠳᠤ ᠫᠧᠷᠦ᠋ ᠶᠢᠨ ᠬᠠᠷᠢᠯᠴᠠᠭ᠎ᠠ ᠢᠮᠠᠭᠲᠠ ᠯᠠᠪᠳᠠᠭᠤᠨ ᠢᠶᠠᠷ ᠤᠷᠤᠭᠰᠢᠯᠠᠵᠤ᠂ ᠢᠯᠠᠩᠭᠤᠶ᠎ᠠ 2013 ᠣᠨ ᠳᠤ ᠪᠦᠭᠦ ᠲᠠᠯ᠎ᠠ ᠶᠢᠨ ᠤᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠤᠠᠶᠢᠭᠤᠯᠤᠭᠰᠠᠨ ᠠᠴᠠ ᠨᠠᠭᠠᠰᠢ᠂ ᠬᠤᠶᠠᠷ ᠲᠠᠯ᠎ᠠ ᠶᠢᠨ ᠬᠠᠷᠢᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠤᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠤᠠᠶᠢᠳᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠫᠧᠷᠦ᠋ ᠳᠤ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ᠂ | ᠴᠢᠳᠠᠯ ᠤᠨ ᠢᠶᠠᠨ ᠬᠢᠷᠢ ᠪᠠᠷ ᠫᠧᠷᠦ᠋ ᠳᠤ ᠸᠠᠺᠼᠢᠨ ᠪᠣᠯᠣᠨ ᠬᠢᠵᠢᠭ ᠲᠠᠢ ᠲᠡᠮᠡᠴᠡᠬᠦ ᠡᠳ᠋ ᠪᠣᠳᠠᠰ ᠬᠠᠩᠭᠠᠵᠤ᠂ ᠵᠠᠩᠭᠢᠯᠠᠭ᠎ᠠ ᠶᠢᠨ ᠦᠶ᠎ᠡ ᠳᠤ ᠳᠤᠮᠳᠠᠳᠤ ᠤᠯᠤᠰ ᠪᠣᠯ | ᠫᠧᠷᠦ᠋ ᠶᠢᠨ ᠨᠠᠶᠢᠳᠠᠪᠤᠷᠢᠲᠠᠢ ᠨᠠᠶᠢᠵᠠ ᠪᠤᠯᠬᠤ ᠶᠢ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠪᠡ᠃ ᠫᠧᠷᠦ᠋ ᠪᠣᠯ ᠳᠤᠮᠳᠠᠳᠤ ᠤᠯᠤᠰ ᠯᠤᠭ᠎ᠠ ᠴᠢᠯᠦᠭᠡᠲᠦ ᠠᠷᠠᠯᠵᠢᠶᠠᠨ ᠤ | ᠬᠠᠮ ᠵᠥᠪᠯᠡᠯᠴᠡᠭᠡᠷ ᠲᠣᠬᠢᠷᠠᠯᠴᠠᠭᠰᠠᠨ ᠯᠠᠲ᠋ᠢᠨ ᠠᠮᠧᠷᠢᠺᠠ ᠶᠢᠨ ᠠᠩᠬᠠᠳᠠᠭᠴᠢ ᠤᠯᠤᠰ ᠪᠣᠯᠣᠨ᠎ᠠ᠂ ᠬᠠᠮᠤᠭ ᠤᠨ ᠡᠷᠲᠡ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠣᠷᠣᠯᠴᠠᠬᠰᠠᠨ ᠯᠠᠲ᠋ᠢᠨ ᠠᠮᠧᠷᠢᠺᠠ ᠶᠢᠨ ᠤᠯᠤᠰ ᠤᠨ ᠨᠢᠭᠡ ᠪᠣᠯᠣᠨ᠎ᠠ᠃ ᠳᠤᠮᠳᠠᠳᠤ ᠤᠯᠤᠰ ᠨᠢᠭᠡᠨᠲᠡ 10 ᠵᠢᠯ | ᠳᠠᠷᠠᠭᠠᠯᠠᠨ ᠫᠧᠷᠦ᠋ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠠ ᠬᠠᠮᠤᠭ ᠤᠨ ᠶᠡᠭᠡ ᠭᠠᠳᠠᠭᠠᠳᠤ ᠭᠠᠷᠭᠠᠯᠲᠠ ᠶᠢᠨ ᠵᠠᠬ᠎ᠠ ᠳᠡᠯᠭᠡᠭᠦᠷ ᠪᠣᠯᠵᠤ᠂ ᠨᠢᠳᠤᠨᠤᠨ | ᠫᠧᠷᠦ᠋ ᠶᠢᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠢ ᠫᠧᠷᠦ᠋ ᠶᠢᠨ ᠭᠠᠳᠠᠭᠠᠳᠤ ᠭᠠᠷᠭᠠᠯᠲᠠ ᠶᠢᠨ ᠶᠡᠷᠦᠩᠬᠡᠢ ᠬᠡᠮᠵᠢᠶᠡᠨ ᠤ 36% ᠶᠢ | ᠡᠵᠡᠯᠡᠪᠡ᠃ ᠳᠤᠮᠳᠠᠳᠤ ᠶᠢᠨ ᠪᠡᠯᠡᠲᠦ ᠠᠵᠤ ᠠᠬᠤᠶᠢᠯᠠᠯ ᠫᠧᠷᠦ᠋ ᠳᠤ ᠤᠠᠷᠤᠭ 300 ᠳ᠋ᠦᠩᠰᠢᠭᠤᠷ ᠳ᠋ᠣᠯᠯᠠᠷ ᠤᠨ ᠤᠡᠯᠡ ᠣᠷᠣᠭᠤᠯᠵᠠᠢ᠃ ᠳᠤᠮᠳᠠᠳᠤ ᠶᠢᠨ ᠪᠡᠯᠡᠲᠦ | ᠠᠵᠤ ᠠᠬᠤᠶᠢᠯᠠᠯ ᠤᠨ ᠤᠡᠯᠡ ᠣᠷᠣᠭᠤᠯᠤᠭᠰᠠᠨ ᠯᠠᠰ ᠪᠠᠮᠪᠠᠰ ᠤᠨ ᠵᠡᠰ ᠤᠨ ᠠᠭᠤᠷᠬᠠᠢ ᠶᠢᠨ ᠲᠥᠷᠥᠯ ᠵᠦᠢᠯ ᠤᠨ ᠦᠢᠯᠡᠳᠬᠦᠨ ᠤ ᠥᠷᠲᠡᠭ ᠨᠢ ᠫᠧᠷᠦ᠋ ᠶᠢᠨ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 1% ᠶᠢ ᠡᠵᠡᠯᠡᠵᠦ᠂ ᠲᠦᠮᠡ ᠭᠠᠷᠤᠢ ᠠᠵᠢᠯ ᠤᠨ ᠤᠠᠶᠢᠷᠢ ᠶᠢ ᠡᠭᠦᠳᠴᠡᠢ᠃ | ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠳᠠᠭᠠᠭᠠᠴᠢᠯᠠᠨ ᠤᠠᠶᠢᠭᠤᠯᠤᠭᠰᠠᠨ ᠲᠦᠮᠪᠧᠰ ᠶᠡᠭᠡ ᠲᠣᠭᠤᠷᠢᠭ ᠤᠨ ᠺᠠᠯᠢᠳᠤ᠋ ᠡᠮᠨᠡᠯᠭᠡ ᠶᠢᠨ ᠬᠤᠷᠢᠶ᠎ᠠ 10 ᠲᠦᠮᠡ | ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ ᠯᠢᠮᠠ ᠶᠢᠨ ᠭᠤᠷᠪᠠᠨ ᠶᠡᠭᠡ ᠲᠣᠭᠤᠷᠢᠭ ᠤᠨ ᠤᠰᠤᠨ ᠤ ᠶᠠᠪᠤᠳᠠᠯ ᠤᠨ ᠲᠦᠷᠦᠯ ᠵᠦᠢᠯ ᠢ | ᠪᠦᠲᠦᠭᠡᠨ ᠤᠠᠶᠢᠭᠤᠯᠵᠤ ᠳᠠᠭᠤᠰᠤᠭᠰᠠᠨ ᠤ ᠲᠠᠷᠠᠭ᠎ᠠ 40 ᠭᠠᠷᠤᠢ ᠲᠦᠮᠡᠨ ᠫᠧᠷᠦ᠋ ᠶᠢᠨ ᠠᠷᠠᠳ ᠲᠦᠮᠡᠨ ᠤ ᠡᠷᠡᠭᠦᠯ ᠬᠠᠮᠠᠭᠠᠯᠠᠯ ᠳᠤ ᠬᠡᠷᠡᠭᠯᠡᠬᠦ ᠤᠰᠤᠨ ᠤ | ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃ | ᠳᠤᠮᠳᠠᠳᠤ ᠤᠯᠤᠰ ᠤᠨ ᠡᠷᠲᠡᠨ ᠤ ᠦᠭᠡᠨ ᠳᠤ ᠄ ︽ ᠲᠦᠷᠦ ᠶᠢ ᠵᠠᠰᠠᠬᠤᠢ ᠳᠤᠷ ᠲᠣᠭᠲᠠᠭᠰᠠᠨ ᠪᠣᠳᠣᠯᠭ᠎ᠠ ᠠᠮᠣᠢ᠂ ᠠᠷᠠᠳ ᠲᠤᠷ ᠠᠰᠢᠭ ᠣᠯᠭᠤᠬᠤ ᠠᠨᠤ | ᠦᠨᠳᠦᠰᠦ ᠪᠤᠯᠠᠢ ︾ ᠭᠡᠳᠡᠭ᠃ ᠫᠧᠷᠦ᠋ ᠶᠢᠨ ᠵᠦᠢᠷ ᠦᠭᠡᠨ ᠳᠤ ᠄ ︽ ᠠᠷᠠᠳ ᠲᠦᠮᠡᠨ ᠤ ᠲᠠᠭᠤᠨ ᠪᠣᠯ ᠳᠠᠷᠤᠢ ᠳᠡᠭᠡᠳᠦ ᠲᠡᠭᠷᠢ ᠶᠢᠨ ᠲᠠᠭᠤᠨ ᠮᠥᠨ ︾ | ᠬᠡᠮᠡᠭᠰᠡᠨ ᠤᠠᠶᠢᠳᠠᠭ᠃ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠬᠤᠶᠠᠷ ᠤᠯᠤᠰ ᠤᠨ ᠬᠠᠮᠲᠤ ᠶᠢᠨ ᠬᠥᠭᠡᠭᠡᠴᠡᠯᠳᠦᠯ ᠮᠥᠨ᠃ | ᠪᠢᠳᠡ ᠳᠤᠮᠳᠠᠳᠤ ᠫᠧᠷᠦ᠋ ᠶᠢᠨ ᠤᠯᠠᠮᠵᠢᠯᠠᠯᠲᠤ ᠨᠥᠬᠦᠷᠯᠡᠯ ᠢ ᠤᠠᠳᠠᠷᠠᠭᠤᠯᠵᠤ᠂ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠨ | ᠭᠦᠨᠵᠡᠭᠡᠶᠢᠷᠡᠭᠦᠯᠵᠦ᠂ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠶ᠎ᠡ᠃ ᠡᠨᠡ ᠵᠢᠯ ᠤᠨ 7 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠤᠠᠶᠢᠷᠢᠯᠠᠭᠤᠯᠤᠯᠲᠠ | ᠬᠢᠵᠡᠢ᠂ ᠡᠨᠡ ᠨᠢ ᠫᠧᠷᠦ᠋ ᠶᠢ ᠤᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠰᠢᠨ᠎ᠡ ᠠᠵᠠ ᠲᠣᠭᠢᠶᠠᠯ ᠬᠠᠩᠭᠠᠵᠤ᠂ ᠳᠤᠮᠳᠠᠳᠤ ᠫᠧᠷᠦ᠋ ᠶᠢᠨ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠳᠤ ᠰᠢᠨ᠎ᠡ ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ᠃ | ᠡᠨᠡ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ᠂ ᠤᠢ ᠶᠡᠷᠦᠩᠬᠡᠶᠢᠯᠡᠭᠴᠢ ᠪᠦᠷᠦ᠊ ᠆ ᠠᠷᠲ᠋ᠧ ᠲᠠᠢ ᠬᠠᠮᠲᠤ ᠸᠢᠳᠢᠤ᠋ ᠶᠢᠨ ᠭᠡᠯᠪᠡᠷᠢ ᠪᠠᠷ ᠴᠢᠶᠠᠨᠺᠠᠢ | ᠭᠠᠷᠠᠮ ᠤᠨ ᠭᠠᠷᠠᠮ ᠨᠡᠭᠡᠭᠡᠬᠦ ᠶᠣᠰᠣᠯᠠᠯ ᠳᠤ ᠣᠷᠣᠯᠴᠠᠨ᠎ᠠ᠃ ᠴᠢᠶᠠᠨᠺᠠᠢ ᠭᠠᠷᠠᠮ ᠪᠣᠯ ᠳᠤᠮᠳᠠᠳᠤ ᠫᠧᠷᠦ᠋ ᠶᠢᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠦᠲᠦᠭᠡᠨ ᠪᠠᠶᠢᠭᠤᠯᠬᠤ ᠴᠢᠬᠤᠯᠠ ᠲᠦᠷᠦᠯ ᠵᠦᠢᠯ ᠪᠤᠯᠬᠤ ᠪᠥᠭᠡᠳ ᠡᠮᠦᠨᠡᠲᠦ ᠠᠮᠧᠷᠢᠺᠠ ᠶᠢᠨ ᠠᠩᠬᠠᠳᠠᠭᠴᠢ ᠣᠶᠤᠨᠲᠤ ᠭᠠᠷᠠᠮ ᠪᠣᠯᠣᠨ᠎ᠠ᠃ ᠴᠢᠶᠠᠨᠺᠠᠢ ᠭᠠᠷᠠᠮ ᠤᠨ | ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠫᠧᠷᠦ᠋ ᠠᠴᠠ ᠳᠤᠮᠳᠠᠳᠤ ᠤᠯᠤᠰ ᠲᠤ ᠬᠦᠷᠬᠦ ᠳᠠᠯᠠᠢ ᠶᠢᠨ ᠲᠡᠭᠡᠭᠡᠪᠦᠷᠢ ᠶᠢᠨ ᠴᠠᠭ ᠢ 23 ᠡᠳᠦᠷ ᠪᠣᠯᠭᠠᠨ | ᠪᠣᠭᠤᠨᠢᠰᠬᠠᠵᠤ᠂ 20% ᠠᠴᠠ ᠳᠡᠭᠡᠭᠰᠢᠬᠢ ᠤᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠢ ᠠᠷᠪᠢᠯᠠᠵᠤ᠂ ᠵᠢᠯ ᠪᠦᠷᠢ ᠫᠧᠷᠦ᠋ ᠳᠤ 45 ᠳ᠋ᠦᠩᠰᠢᠭᠤᠷ | ᠳ᠋ᠣᠯᠯᠠᠷ ᠤᠨ ᠣᠷᠣᠯᠭ᠎ᠠ ᠣᠯᠭᠤᠵᠤ᠂ 8000 ᠭᠠᠷᠤᠢ ᠰᠢᠭᠤᠳ ᠠᠵᠢᠯ ᠣᠯᠭᠤᠬᠤ ᠠᠵᠢᠯ ᠤᠨ ᠤᠠᠶᠢᠷᠢ ᠶᠢ ᠡᠭᠦᠳᠬᠦ ᠪᠣᠯᠣᠨ᠎ᠠ᠃ ᠴᠢᠶᠠᠨᠺᠠᠢ | ᠭᠠᠷᠠᠮ ᠤᠨ ᠤᠠᠶᠢᠭᠤᠯᠤᠭᠳᠠᠬᠤ ᠨᠢ ᠫᠧᠷᠦ᠋ ᠶᠢᠨ ᠲᠠᠯᠠᠢ ᠳᠠᠭᠠᠤ ᠣᠷᠣᠨ ᠠᠴᠠ ᠳᠣᠲᠣᠭᠠᠳᠤ ᠬᠠᠭᠤᠷᠠᠢ ᠬᠦᠷᠬᠦ᠂ ᠫᠧᠷᠦ᠋ ᠠᠴᠠ ᠯᠠᠲ᠋ᠢᠨ ᠠᠮᠧᠷᠢᠺᠠ ᠪᠠ ᠺᠠᠷᠢᠪᠧ | ᠣᠷᠣᠨ ᠤ ᠪᠤᠰᠤᠳ ᠤᠯᠤᠰ ᠬᠦᠷᠬᠦ ᠪᠣᠰᠤᠭ᠎ᠠ ᠴᠣᠭᠴᠠᠲᠤ᠂ ᠤᠯᠠᠨ ᠡᠰᠢᠵᠢᠭᠰᠡᠨ᠂ ᠥᠨᠳᠥᠷ ᠪᠦᠲᠦᠮᠵᠢᠲᠡᠢ ᠬᠤᠯᠪᠣᠯᠳᠤᠨ ᠨᠡᠪᠲᠡᠷᠡᠯᠴᠡᠬᠦ ᠤᠠᠶᠢᠷᠢᠰᠢᠯ ᠢ ᠤᠠᠶᠢᠭᠤᠯᠵᠤ | ᠂ ᠴᠢᠶᠠᠨᠺᠠᠢ ᠭᠠᠷᠠᠮ ᠢᠶᠠᠷ ᠭᠠᠷᠤᠭ᠎ᠠ ᠪᠤᠯᠭᠠᠬᠰᠠᠨ ︽ ᠰᠢᠨ᠎ᠡ ᠴᠠᠭ ᠦᠶ᠎ᠡ ᠶᠢᠨ ᠢᠨᠺᠠ ᠶᠢᠨ ᠡᠷᠲᠡᠨ ᠤ ᠵᠠᠮ ︾ ᠢ ᠴᠣᠭᠴᠠᠯᠠᠵᠤ᠂ ᠯᠠᠲ᠋ᠢᠨ ᠠᠮᠧᠷᠢᠺᠠ ᠪᠠ ᠺᠠᠷᠢᠪᠧ | ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠪᠠ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠬᠤ ᠳᠤ ᠠᠰᠢᠭᠲᠠᠢ ᠶᠤᠮ᠃ ᠭᠠᠷᠠᠮ ᠤᠨ | ᠲᠥᠷᠥᠯ ᠵᠦᠢᠯ ᠤᠨ ᠬᠡᠯᠲᠡᠰ ᠤᠠᠰᠠ ᠠᠮᠢᠲᠠᠨ ᠢ ᠠᠪᠤᠷᠠᠨ ᠲᠤᠰᠠᠯᠠᠬᠤ ᠥᠷᠲᠡᠭᠡ ᠤᠠᠶᠢᠭᠤᠯᠵᠤ᠂ ᠶᠠᠪᠠᠭᠠᠨ ᠭᠠᠯᠠᠭᠤ᠂ ᠲᠡᠯᠡᠶ ᠶᠢᠨ ᠬᠠᠪ᠂ ᠰᠢᠪᠠᠭᠤᠨ ᠤ ᠲᠥᠷᠥᠯ ᠢ | ᠠᠪᠤᠷᠠᠨ ᠲᠤᠰᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠨᠤᠭᠤ ᠭᠠᠵᠠᠷ᠂ ᠲᠡᠯᠡᠶ ᠶᠢᠨ ᠲᠠᠩ᠂ ᠠᠮᠢᠳᠤ ᠪᠣᠳᠠᠰ ᠤᠨ | ᠣᠷᠣᠰᠢᠨ ᠠᠮᠢᠳᠤᠷᠠᠬᠤ ᠭᠠᠵᠠᠷ ᠤᠨ ᠣᠷᠴᠢᠨ ᠲᠣᠭᠤᠷᠢᠨ ᠤ ᠤᠠᠶᠢᠳᠠᠯ ᠢ ᠰᠠᠶᠢᠵᠢᠷᠠᠭᠤᠯᠪᠠ᠃ ᠪᠢᠳᠠ ᠬᠠᠮᠲᠤ ᠪᠠᠷ ᠴᠢᠶᠠᠨᠺᠠᠢ ᠭᠠᠷᠠᠮ ᠢ ᠰᠠᠶᠢᠲᠤᠷ | ᠪᠦᠲᠦᠭᠡᠨ ᠤᠠᠶᠢᠭᠤᠯᠵᠤ᠂ ᠰᠠᠶᠢᠲᠤᠷ ᠡᠵᠡᠩᠨᠡᠵᠦ᠂ ︽ ᠴᠢᠶᠠᠨᠺᠠᠢ ᠠᠴᠠ ᠱᠠᠩᠬᠠᠢ ᠳᠤ ᠬᠦᠷᠬᠦ ︾ ᠶᠢ ᠦᠨᠡᠨ ᠬᠦ ᠳᠤᠮᠳᠠᠳᠤ ᠫᠧᠷᠦ᠋ ᠪᠠ ᠳᠤᠮᠳᠠᠳᠤ ᠯᠠᠲ᠋ᠢᠨ | ᠠᠮᠧᠷᠢᠺᠠ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠬᠥᠭᠵᠢᠯ ᠴᠡᠴᠡᠭᠯᠡᠯ ᠤᠨ ᠵᠠᠮ ᠪᠣᠯᠭᠠᠶ᠎ᠠ᠃ ᠳᠤᠮᠳᠠᠳᠤ ᠶᠢᠨ ᠬᠢᠨ ᠤᠠᠰᠠ ᠳᠤᠷᠠᠲᠠᠶ᠎ᠠ ᠫᠧᠷᠦ᠋ ᠳᠤ ︽ ᠪᠠᠭ᠎ᠠ | ᠮᠥᠷᠲᠡᠭᠡᠨ ᠰᠠᠶᠢᠬᠠᠨ ︾ ᠠᠷᠠᠳ ᠤᠨ ᠠᠮᠢᠳᠤᠷᠠᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠯᠦ ᠪᠠᠨ ᠦᠢᠯᠡᠳᠬᠡᠯ ᠤᠨ ᠭᠠᠵᠠᠷ᠂ | ᠬᠢᠲᠠᠳ ᠭᠡᠯᠡ ᠵᠢᠭᠠᠬᠤ ᠦᠢᠯᠡᠳᠬᠡᠯ ᠤᠨ ᠭᠠᠵᠠᠷ ᠢ ᠪᠠᠶᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤ ᠨᠡᠩ ᠤᠯᠠᠨ ᠠᠵᠢᠯ ᠤᠨ ᠤᠠᠶᠢᠷᠢ ᠡᠭᠦᠳᠴᠦ᠂ | ᠨᠡᠶᠢᠭᠡᠮ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠵᠣᠷᠢᠭᠵᠢᠭᠤᠯᠵᠤ᠂ ︽ ᠨᠤᠲᠤᠭ ᠤᠨ ᠠᠬ᠎ᠠ ᠳᠡᠭᠦᠦ ᠨᠠᠷ ︾ ᠤᠨ ᠨᠥᠬᠦᠷᠯᠡᠯ ᠢ ᠨᠡᠩ ᠦᠨᠡᠨ | ᠪᠣᠳᠠᠲᠠᠢ ᠰᠡᠳᠬᠢᠯ ᠳᠤ ᠰᠠᠭᠤᠭᠳᠠᠮ᠎ᠠ ᠪᠣᠯᠭᠠᠨ᠎ᠠ᠃ | ᠪᠢᠳᠡ ᠪᠣᠯᠪᠠᠰᠤᠨ ᠢ ᠬᠠᠷᠢᠯᠴᠠᠨ ᠲᠣᠯᠢᠳᠠᠬᠤ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠣᠶᠣᠯ ᠤᠷᠠᠯᠢᠭ᠂ ᠰᠤᠷᠭᠠᠨ ᠬᠥᠮᠦᠵᠢᠯ᠂ ᠰᠢᠨᠵᠢᠯᠡᠬᠦ | ᠤᠬᠠᠭᠠᠨ ᠤ ᠰᠤᠳᠤᠯᠭᠠᠨ᠂ ᠵᠢᠭᠤᠯᠴᠢᠯᠠᠯ᠂ ᠵᠠᠯᠠᠭᠤᠴᠤᠳ᠂ ᠰᠣᠶᠣᠯ ᠤᠨ ᠥᠪ ᠤᠨ ᠬᠠᠮᠠᠭᠠᠯᠠᠯᠲᠠ᠂ ᠬᠠᠭᠤᠴᠢ ᠰᠤᠳᠤᠯᠤᠯ ᠵᠡᠷᠭᠡ ᠬᠦᠷᠢᠶᠡᠨ ᠳᠠᠬᠢ ᠰᠣᠯᠢᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠠᠷᠭ᠎ᠠ ᠬᠡᠮᠵᠢᠶ᠎ᠡ ᠠᠪᠴᠤ ᠤᠠᠶᠢᠭᠠᠳ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠳᠤ ᠲᠦᠭᠦᠮ | ᠦᠵᠡᠭᠦᠯᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠤᠡᠬᠢᠵᠢᠭᠦᠯᠦᠶᠡ᠃ | ᠬᠤᠶᠠᠷ ᠤᠯᠤᠰ ᠤᠨ ᠡᠷᠲᠡᠨ ᠤ ᠪᠣᠯᠪᠠᠰᠤᠨ ᠤᠯᠤᠰ ᠤᠨ ᠶᠠᠷᠢᠶᠠᠨ ᠤ ᠲᠠᠪᠴᠠᠩ ᠤᠨ ᠲᠣᠭᠲᠠᠴᠠ ᠳᠠᠬᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠪᠦᠭᠦ | ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ ᠬᠠᠮᠲᠤᠷᠠᠯᠴᠠᠭ᠎ᠠ ᠶᠢᠨ ᠰᠦᠯᠵᠢᠶ᠎ᠡ ᠶᠢ ᠪᠠᠶᠢᠭᠤᠯᠬᠤ ᠶᠢ ᠶᠠᠷᠢᠯᠴᠠᠵᠤ᠂ ᠡᠯ᠎ᠡ ᠤᠯᠤᠰ ᠤᠨ ᠪᠣᠯᠪᠠᠰᠤᠨ ᠤ ᠰᠣᠯᠢᠯᠴᠠᠭ᠎ᠠ | ᠲᠣᠯᠢᠳᠠᠯ ᠢ ᠳᠡᠮᠵᠢᠵᠦ᠂ ᠳᠡᠯᠡᠬᠡᠢ ᠶᠢᠨ ᠠᠳᠠᠯᠢ ᠪᠤᠰᠤ ᠪᠣᠯᠪᠠᠰᠤᠨ ᠢ ᠳᠤᠮᠳᠠᠳᠤ ᠤᠯᠤᠰ ᠤᠨ ᠵᠢᠦ ᠵᠠᠢ ᠭᠧᠦ ᠶᠢᠨ ᠦ᠋ ᠼᠠᠢ ᡂᠢ ᠨᠠᠭᠤᠷ ᠪᠣᠯᠣᠨ ᠫᠧᠷᠦ᠋ ᠶᠢᠨ | ᠮᠠᠷᠠᠰ ᠤᠨ ᠱᠠᠲᠤᠨ ᠲᠠᠷᠢᠶ᠎ᠠ ᠮᠡᠲᠦ ᠥᠩᠭᠡ ᠪᠤᠳᠤᠭ ᠨᠢ ᠢᠯᠭᠠᠷᠠᠵᠤ᠂ ᠭᠡᠯᠪᠡᠷᠢ ᠳᠦᠷᠰᠦ ᠨᠢ ᠠᠳᠠᠯᠢ ᠪᠤᠰᠤ ᠪᠤᠯᠪᠠᠴᠤ ᠬᠠᠷᠢᠯᠴᠠᠨ ᠭᠡᠶᠢᠭᠦᠯᠦᠨ ᠭᠡᠷᠡᠯᠳᠦᠭᠦᠯᠵᠦ᠂ | ᠬᠠᠷᠢᠯᠴᠠᠨ ᠬᠠᠪᠰᠤᠷᠤᠯᠴᠠᠨ ᠬᠠᠷᠢᠯᠴᠠᠨ ᠲᠤᠪᠤᠶᠢᠯᠭᠠᠬᠤ ᠪᠤᠯᠭᠠᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠨᠡᠩ ᠶᠡᠭᠡ ᠬᠤᠪᠢ ᠨᠡᠮᠡᠷᠢ | ᠦᠵᠡᠭᠦᠯᠦᠶ᠎ᠡ᠃ | 2008 ᠣᠨ᠂ 2016 ᠣᠨ ᠳᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ ᠬᠤᠶᠠᠷ ᠤᠳᠠᠭ᠎ᠠ ᠠᠮᠵᠢᠯᠲᠠ ᠲᠠᠢ ᠡᠷᠭᠢᠯᠡᠭᠰᠡᠨ ᠤ ᠲᠠᠷᠠᠭ᠎ᠠ᠂ ᠫᠧᠷᠦ᠋ ᠭᠤᠷᠪᠠᠳᠠᠭᠢ ᠤᠳᠠᠭ᠎ᠠ ᠡᠨᠡ | ᠬᠦ ᠴᠢᠬᠤᠯᠠ ᠬᠤᠷᠠᠯ ᠢ ᠡᠷᠭᠢᠯᠡᠨ ᠬᠤᠷᠠᠯᠳᠤᠭᠤᠯᠬᠤ ᠪᠣᠯᠣᠨ᠎ᠠ᠃ 3 ᠤᠳᠠᠭ᠎ᠠ ᠶᠢᠨ ᠬᠤᠷᠠᠯ ᠤᠨ ᠭᠤᠣᠯ ᠰᠡᠳᠦᠪ ᠨᠢ ︽ ᠠᠽᠢᠶ᠎ᠠ ᠲᠢᠪ ᠨᠣᠮᠣᠬᠠᠨ ᠲᠠᠯᠠᠢ ᠶᠢᠨ | ᠣᠷᠣᠨ ᠤ ᠬᠥᠭᠵᠢᠯᠲᠡ ᠶᠢᠨ ᠰᠢᠨ᠎ᠡ ᠠᠮᠠᠯᠠᠯᠲᠠ ︾ ᠠᠴᠠ ︽ ᠴᠢᠨᠠᠷ ᠰᠠᠶᠢᠲᠠᠢ ᠨᠡᠮᠡᠭᠳᠡᠯ ᠪᠣᠯᠣᠨ ᠬᠥᠮᠥᠨ ᠲᠥᠷᠥᠯᠬᠢᠲᠡᠨ ᠤ ᠬᠥᠭᠵᠢᠯᠲᠡ ︾ ᠭᠦᠷᠲᠡᠯ᠎ᠡ᠂ ᠲᠠᠭᠢᠭᠠᠳ | ᠡᠨᠡ ᠵᠢᠯ ᠤᠨ ︽ ᠡᠨᠧᠷᠭᠢ ᠣᠯᠭᠤᠯᠲᠠ᠂ ᠤᠠᠭᠲᠠᠭᠠᠮᠵᠢᠲᠠᠢ᠂ ᠨᠡᠮᠡᠭᠳᠡᠯ ︾ ᠭᠦᠷᠲᠡᠯ᠎ᠡ᠂ ᠫᠧᠷᠦ᠋ ᠶᠢᠨ ᠲᠠᠯ᠎ᠠ ᠶᠢᠨ ᠨᠡᠭᠡᠭᠡᠯᠲᠡᠲᠤ ᠭᠡᠯᠪᠡᠷᠢ ᠶᠢᠨ ᠠᠽᠢᠶ᠎ᠠ ᠲᠢᠪ ᠨᠣᠮᠣᠬᠠᠨ | ᠲᠠᠯᠠᠢ ᠶᠢᠨ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠡᠷᠡᠰ ᠤᠠᠲᠤ | ᠢᠲᠡᠭᠡᠯ ᠵᠣᠷᠢᠭ ᠢ ᠭᠦᠢᠴᠡᠳ ᠢᠯᠡᠷᠡᠭᠦᠯᠵᠦ᠂ ᠨᠡᠭᠡᠭᠡᠯᠲᠡᠲᠡᠢ ᠤᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ︽ ᠯᠢᠮᠠ ᠶᠢᠨ ᠳᠠᠭᠤᠨ ︾ ᠢ | ᠬᠦᠴᠦᠲᠡᠢ ᠬᠠᠩᠭᠢᠨᠠᠭᠤᠯᠤᠭᠰᠠᠨ ᠪᠠᠶᠢᠨ᠎ᠠ᠃ ᠫᠧᠷᠦ᠋ ᠶᠢᠨ ᠬᠢᠨ ᠤ ᠬᠤᠷᠠᠯ ᠡᠷᠭᠢᠯᠡᠭᠦ ᠶᠢ ᠳᠤᠮᠳᠠᠳᠤ ᠤᠯᠤᠰ ᠡᠷᠡᠰ ᠲᠡᠮᠵᠢᠵᠤ᠂ ᠳᠤᠷᠠᠲᠠᠶ᠎ᠠ ᠫᠧᠷᠦ᠋ ᠶᠢᠨ ᠬᠢᠨ ᠲᠠᠢ | ᠨᠢᠭᠲᠠ ᠬᠠᠮᠵᠢᠯᠴᠠᠵᠤ᠂ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠣᠯᠬᠤ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ | ᠬᠠᠮᠲᠤᠷᠠᠯᠴᠠᠭ᠎ᠠ ᠳᠤ ᠰᠢᠨ᠎ᠡ ︽ ᠯᠢᠮᠠ ᠶᠢᠨ ᠢᠮ ᠲᠡᠮᠳᠡᠭ ︾ ᠢ ᠦᠯᠡᠳᠡᠭᠡᠵᠦ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠨ ᠬᠤᠪᠢᠷᠠᠵᠤ᠂ ᠬᠥᠮᠥᠨ ᠲᠥᠷᠥᠯᠬᠢᠲᠡᠨ ᠤ ᠨᠡᠶᠢᠭᠡᠮ | ᠳᠠᠭᠢᠨ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠵᠠᠢ᠃ ᠫᠧᠷᠦ᠋ ᠶᠢᠨ ᠨᠠᠰᠺᠡ ᠶᠢᠨ ᠪᠣᠯᠪᠠᠰᠤᠨ ᠤ ᠯᠤᠲᠤ ᠶᠡᠭᠡ ᠭᠠᠵᠠᠷ ᠤᠨ ᠭᠠᠳᠠᠷᠭᠤ ᠶᠢᠨ | ᠵᠢᠷᠤᠭ ᠨᠢ ᠲᠡᠭᠦᠨ ᠤ ᠳᠣᠲᠣᠷ᠎ᠠ ᠨᠢ ᠪᠠᠶᠢᠭ᠎ᠠ ᠬᠥᠮᠥᠰ ᠢ ᠲᠥᠭᠡᠷᠢᠭᠳᠡᠭᠦᠯᠵᠦ᠂ ᠭᠠᠭᠴᠠ ᠬᠦ ᠥᠨᠳᠥᠷ ᠲᠤ ᠵᠣᠭᠰᠣᠪᠠᠯ ᠰᠠᠶ᠋ᠢ ᠪᠦᠭᠦ ᠲᠥᠷᠬᠦ ᠶᠢ ᠨᠢ ᠠᠵᠢᠭᠯᠠᠵᠤ | ᠴᠢᠳᠠᠳᠠᠭ᠃ ᠳᠤᠮᠳᠠᠳᠤ ᠶᠢᠨ ᠰᠢᠯᠦᠭ ᠲᠤ ︽ ᠥᠪᠡᠷ ᠤᠨ ᠤᠡᠶᠡ ᠥᠨᠳᠥᠷ ᠲᠡᠭᠷᠢ ᠳᠤᠷ ᠪᠠᠶᠢᠬᠤ ᠲᠤᠯᠠ᠂ ᠥᠩᠭᠡᠷᠡᠬᠦ ᠡᠭᠦᠯᠡᠨ ᠤ ᠪᠠᠷ᠎ᠠ ᠬᠠᠯᠬᠠᠯᠠᠬᠤ ᠠᠴᠠ ᠠᠶᠤᠬᠤ | ᠦᠭᠡᠢ ︾ ᠭᠡᠵᠦ ᠰᠢᠯᠦᠭᠯᠡᠭᠰᠡᠨ ᠤᠠᠶᠢᠳᠠᠭ᠃ ᠳᠤᠮᠳᠠᠳᠤ ᠤᠯᠤᠰ ᠳᠤᠷᠠᠲᠠᠶ᠎ᠠ ᠫᠧᠷᠦ᠋ ᠲᠠᠢ ᠬᠠᠮᠲᠤ ᠪᠠᠷ ᠥᠨᠳᠥᠷ ᠲᠤ ᠵᠣᠭᠰᠣᠨ ᠠᠯᠤᠰ ᠢ ᠤᠠᠷᠠᠯᠠᠬᠤ ᠶᠢ ᠤᠠᠷᠢᠮᠲᠠᠯᠠᠵᠤ᠂ | ᠲᠡᠦᠬᠡ ᠶᠢᠨ ᠤᠷᠳᠤ ᠦᠶᠡᠯᠡᠯ ᠠᠴᠠ ᠳᠡᠯᠡᠬᠡᠢ ᠶᠢᠨ ᠶᠡᠭᠡ ᠬᠠᠨᠳᠤᠰᠢ ᠶᠢ ᠡᠵᠡᠮᠳᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ | ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠵᠢᠯᠲᠡ᠂ ᠲᠦᠭᠡᠮᠡᠯ ᠬᠠᠷᠠᠭᠠᠯᠵᠠᠯᠲᠤ ᠤᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ | ᠰᠠᠨᠠᠭᠠᠴᠢᠯᠠᠭ᠎ᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠤᠨ᠎ᠠ᠃ | ᠯᠠᠲ᠋ᠢᠨ ᠠᠮᠧᠷᠢᠺᠠ ᠲᠢᠪ ᠤᠨ ᠨᠠᠶᠢᠵᠠ ᠨᠠᠷ ᠦᠷᠭᠦᠯᠵᠢ ᠄ ︽ ᠰᠥᠰᠥ ᠵᠣᠷᠢᠭ ᠦᠭᠡᠢ ᠬᠥᠮᠥᠨ ᠬᠡᠵᠢᠶ᠎ᠡ ᠴᠦ ᠠᠭᠤᠯᠠ ᠠᠪᠠᠷᠢᠵᠤ ᠲᠠᠨᠬᠭᠢᠰ ᠭᠠᠲᠤᠯᠵᠤ | ᠲᠡᠶᠢᠯᠭᠦ ᠦᠭᠡᠢ ︾ ᠭᠡᠯᠴᠡᠳᠡᠭ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠫᠧᠷᠦ᠋ ᠶᠢᠨ ᠨᠠᠶᠢᠵᠠ ᠨᠠᠷ ᠲᠠᠢ ᠬᠠᠮᠲᠤ ᠪᠠᠷ | ᠰᠡᠳᠬᠢᠯ ᠨᠢᠭᠡᠳᠦᠨ ᠢᠵᠢᠯᠢ ᠴᠢᠭᠯᠡᠯ ᠢᠶᠠᠷ ᠤᠷᠤᠭᠰᠢᠯᠠᠵᠤ᠂ ᠠᠭᠤᠯᠠ ᠲᠠᠨᠬᠭᠢᠰ ᠢ ᠳᠠᠪᠠᠵᠤ᠂ ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠵᠢᠯᠣᠭᠤᠳᠤᠨ | ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠨ᠎ᠠ ︕ | |