︵ᠰᠤᠷᠪᠤᠯᠵᠢᠯᠠᠭᠴᠢ ᠰᠦᠩ ᠰᠢᠶᠠᠩ ᠬᠤᠸᠠ︶ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠢᠯᠠᠯ 9᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠢᠯᠠᠯ 63᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠢᠯᠠᠯ 95 ᠪᠤᠯᠵᠠᠢ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢᠯᠠᠯ ᠤᠨ ᠳᠣᠲᠣᠷ᠎ᠠ ᠰᠤᠳᠤᠯᠤᠨ ᠨᠡᠭᠡᠭᠡᠬᠦ ᠣᠷᠣᠭᠤᠯᠤᠯᠲᠠ᠂ ᠰᠤᠳᠤᠯᠤᠨ ᠨᠡᠭᠡᠭᠡᠬᠦ ᠪᠠᠢᠭᠤᠯᠤᠮᠵᠢ᠂ | ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠤᠨ ︽ᠭᠤᠷᠪᠠ ᠶᠢ ᠦᠭᠡᠶᠢᠰᠬᠡᠬᠦ︾ ᠶᠢ ᠪᠡᠶᠡᠯᠡᠭᠦᠯᠦᠭᠰᠡᠨ ᠠᠵᠤ ᠠᠬᠤᠢᠯᠠᠯ ᠤᠨ ᠡᠵᠡᠯᠡᠬᠦ ᠬᠠᠷᠢᠴᠠᠯ 62.963% | ᠬᠦᠷᠴᠦ᠂ ᠪᠦᠬᠦ ᠬᠤᠲᠠ ᠶᠢᠨ ᠳᠤᠮᠳᠠᠴᠢ ᠲᠤᠭ᠎ᠠ ᠠᠴᠠ 16 ᠵᠠᠭᠤᠨ ᠤ ᠨᠢᠭᠡᠴᠢ ᠥᠨᠳᠥᠷ ᠪᠣᠯᠵᠠᠢ᠃ | ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ | ᠡᠨᠧᠷᠭᠢ ᠰᠢᠨ᠎ᠡ ᠮᠠᠲ᠋ᠧᠷᠢᠶᠠᠯ ᠪᠠ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨ | ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠢ ᠢᠳᠡᠪᠬᠢᠲᠡᠢ ᠬᠡᠷᠡᠭᠵᠢᠭᠦᠯᠵᠦ᠂ ︽ᠬᠢᠮᠡᠯ ᠣᠶᠤᠨ᠂ ᠠᠮᠢᠳᠤ ᠪᠣᠳᠠᠰ ᠤᠨ ᠡᠮ ᠡᠮᠨᠡᠯᠭᠡ︾ ᠶᠢᠨ | ᠬᠤᠶᠠᠷ ᠭᠠᠵᠠᠷ ᠨᠢ ᠥᠪᠡᠷᠲᠡᠭᠡᠨ ᠵᠠᠰᠠᠬᠤ ᠣᠷᠣᠨ ᠤ ︽ᠰᠢᠪᠲᠤᠯᠤᠯᠲᠠ︾ ᠶᠢᠨ ᠢᠨᠵᠧᠨᠧᠷᠢᠩ ᠳᠤ ᠰᠤᠩᠭᠤᠭᠳᠠᠭᠰᠠᠨ ᠪᠥᠭᠡᠳ ᠨᠢᠭᠡᠨᠲᠡ ᠰᠦᠯᠵᠢᠶᠡᠨ | ᠳᠡᠭᠡᠷᠡᠬᠢ ᠬᠢᠨᠠᠨ ᠲᠣᠭᠲᠠᠭᠠᠯᠲᠠ ᠪᠠᠨ ᠪᠡᠶᠡᠯᠡᠭᠦᠯᠵᠡᠢ᠃ 2024 ᠣᠨ ᠳᠤ᠂ ᠬᠤᠲᠠ ᠶᠢᠨ ᠲᠠᠰ ᠤᠨ ᠬᠤᠶᠠᠷ ᠰᠢᠨᠵᠢᠯᠡᠬᠦ ᠤᠬᠠᠭᠠᠨ ᠮᠡᠷᠭᠡᠵᠢᠯ ᠤᠨ | ︽ᠰᠢᠪᠲᠤᠯᠤᠯᠲᠠ︾ ᠶᠢᠨ ᠲᠥᠷᠥᠯ ᠵᠦᠢᠯ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠡᠬᠢᠯᠡᠵᠦ᠂ ᠣᠳᠣᠬᠠᠨ ᠳᠤ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠴᠠ 2025 ᠣᠨ ᠤ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠲᠤᠯᠤᠯᠲᠠ︾ ᠶᠢᠨ | ᠢᠨᠵᠧᠨᠧᠷᠢᠩ ᠤᠨ 4 ᠴᠡᠭ ᠲᠤ ᠨᠡᠶᠢᠲᠡ 9 ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢ ᠲᠠᠨᠢᠯᠴᠠᠭᠤᠯᠪᠠ᠃ |