10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ 206761.33 ᠲᠦᠮᠡᠨ ᠲᠥᠭᠦᠷᠢᠭ ᠤᠨ ᠨᠥᠬᠦᠪᠥᠷᠢ ᠮᠥᠩᠭᠦ ᠪᠠᠭᠤᠯᠭᠠᠵᠠᠢ
ᠨᠡᠶᠢᠲᠡᠯᠡᠭᠰᠡᠨ ᠴᠠᠭ᠄
2024/11/18
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠢᠯᠠᠭᠠᠭᠰᠠᠨ ᠢᠶᠠᠷ᠂ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 206761.33 ᠲᠦᠮᠡᠨ ᠲᠥᠭᠦᠷᠢᠭ ᠨᠥᠬᠦᠪᠥᠷᠢ ᠮᠥᠩᠭᠦ ᠪᠠᠭᠤᠯᠭᠠᠪᠠ᠃ ᠡᠭᠦᠨ ᠳᠤ᠂ ᠲᠠᠷᠢᠶᠠᠴᠢᠳ ᠤᠨ ᠨᠥᠬᠦᠪᠥᠷᠢ ᠪᠡᠯᠡ ᠮᠥᠩᠭᠦ 195399.38 ᠲᠦᠮᠡᠨ ᠲᠥᠭᠦᠷᠢᠭ᠂ 94.5% ᠶᠢ ᠡᠵᠡᠯᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠡᠯᠡ ᠮᠥᠩᠭᠦ 11361.95 ᠲᠦᠮᠡᠨ ᠲᠥᠭᠦᠷᠢᠭ᠂ 5.5% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 401.24 ᠲᠦᠮᠡᠨ ᠬᠥᠮᠦᠨ ᠤᠳᠠᠭ᠎ᠠ ᠬᠦᠷᠴᠡᠢ᠃ ᠪᠠᠯᠠ ᠮᠥᠩᠭᠦ ᠶᠢᠨ ᠨᠥᠬᠦᠪᠥᠷᠢ ᠶᠢᠨ ᠲᠥᠷᠥᠯ ᠵᠦᠢᠯ ᠨᠡᠶᠢᠲᠡ 8 ᠬᠦᠷᠢᠶ᠎ᠡ 52 ᠲᠥᠷᠥᠯ 61 ᠵᠦᠢᠯ ᠪᠠᠶᠢᠵᠤ᠂ ᠵᠣᠭᠤᠰ ᠤᠨ ᠲᠤᠭ᠎ᠠ ᠨᠢ ᠨᠡᠯᠢᠶᠡᠳ ᠶᠡᠭᠡ ᠨᠢ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ᠂ ᠣᠶ ᠰᠢᠭᠤᠶ ᠶᠢᠨ ᠲᠥᠷᠥᠯ᠂ ᠴᠠᠯᠢᠩ ᠤᠨ ᠨᠥᠬᠦᠪᠥᠷᠢ ᠶᠢᠨ ᠲᠥᠷᠥᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠵᠡᠷᠭᠡ 5 ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠥᠷᠢ ᠶᠢᠨ ᠪᠠᠯᠠ ᠮᠥᠩᠭᠦ ᠪᠣᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ