ᠣᠲᠣᠬᠠᠨ ᠤ ᠨᠠᠶᠢᠭᠡᠮ ᠲᠠᠭᠡᠷ᠎ᠠ ᠪᠡᠴᠢᠮ ᠠᠪᠤᠷᠠᠬᠤ ᠮᠠᠷᠭᠡᠵᠢᠯ ᠢ ᠡᠵᠠᠮᠰᠢᠭᠦ ᠪᠤᠯ ᠶᠠᠷᠢᠶᠠᠨ ᠣᠢᠭᠡᠢ ᠬᠡᠨᠡᠳᠲᠠ ᠶᠢᠨ ᠪᠠᠶᠢᠲᠠᠯ ᠢ ᠠᠷᠭᠠᠴᠠᠭᠠᠬᠤ᠂ ᠲᠦᠷᠭᠡᠨ | ᠪᠥᠭᠡᠳ ᠪᠦᠲᠦᠮᠵᠢᠲᠡᠶ ᠪᠠᠷ ᠠᠪᠤᠷᠠᠨ ᠲᠤᠰᠠᠯᠠᠬᠤ᠂ ᠬᠤᠪᠢ ᠬᠥᠮᠦᠨ ᠪᠠ ᠪᠤᠰᠤᠳ ᠬᠥᠮᠦᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ | ᠵᠠᠩᠭᠢᠯᠠᠭ᠎ᠠ ᠪᠤᠯᠬᠤ ᠶᠣᠮ᠃ | | | | | | | | | ᠠᠮᠤᠷ ᠲᠦᠪᠰᠢᠨ ᠤ ᠲᠦᠷᠭᠡᠨ ᠠᠪᠤᠷᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠠᠷᠭᠠᠴᠠᠭᠠᠬᠤ᠂ ᠪᠠᠴᠢᠮ | ᠪᠠᠶᠢᠳᠠᠯ ᠢ ᠠᠷᠭᠠᠴᠠᠭᠠᠵᠤ ᠥᠪᠡᠷ ᠢ ᠪᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠳ᠋ᠤᠭᠡᠷ ᠰᠠᠷ᠎ᠠ ᠶᠢᠨ 15 ᠤ ᠡᠳᠦᠷ ᠤᠨ ᠦᠳᠡ ᠶᠢᠨ | ᠡᠮᠦᠨ᠎ᠡ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠣᠭᠤᠷᠢᠭ ᠤᠨ | ᠨᠠᠰᠤᠲᠠᠶᠢᠴᠤᠳ ᠤᠨ ᠶᠡᠭᠡ ᠰᠤᠷᠭᠠᠭᠤᠯᠢ ᠲᠠᠢ ᠬᠠᠮᠲᠤᠷᠠᠨ᠂ ᠲᠣᠭᠤᠷᠢᠭ ᠤᠨ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠥᠪ ᠲᠤ ᠨᠢᠭᠡ ᠤᠳᠠᠭᠠᠨ ᠤ | ᠲᠦᠷᠭᠡᠨ ᠠᠪᠤᠷᠠᠯᠲᠠ ᠶᠢᠨ ᠮᠡᠳᠡᠯᠭᠡ ᠶᠢᠨ ᠪᠤᠯᠪᠠᠰᠤᠷᠠᠯ ᠡᠷᠭᠢᠯᠡᠪᠡ᠃ | | | | | | | | | ᠪᠤᠯᠪᠠᠰᠤᠷᠠᠯ ᠤᠨ ᠲᠤᠬᠠᠶ ᠶᠢᠨ ᠲᠠᠯᠠᠪᠠᠢ ᠳᠤ᠂ ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠭᠠᠵᠤ | ᠠᠪᠤᠷᠠᠬᠤ ᠪᠤᠯᠪᠠᠰᠤᠷᠠᠯ ᠤᠨ ᠲᠥᠪ ᠠᠴᠠ ᠢᠷᠡᠭᠰᠡᠨ ᠡᠦ ᠰᠢᠶᠣᠤ ᠯᠢ ᠯᠧᠺᠲ᠋ᠣᠷ᠂ ᠢᠦᠶ ᠴᠢᠤᠸᠠᠨ ᠲᠣᠭᠤᠷᠢᠭ ᠤᠨ ᠨᠠᠰᠤᠲᠠᠶᠢᠴᠤᠳ ᠤᠨ ᠶᠡᠭᠡ | ᠰᠤᠷᠭᠠᠭᠤᠯᠢ ᠶᠢᠨ ᠰᠤᠷᠤᠭᠴᠢᠳ ᠲᠤ ᠲᠦᠷᠭᠡᠨ ᠠᠪᠤᠷᠠᠬᠤ ᠶᠡᠷᠦ ᠶᠢᠨ ᠮᠡᠳᠡᠯᠭᠡ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠷᠭ᠎ᠠ | ᠬᠡᠮᠵᠢᠶ᠎ᠡ ᠪᠣᠯᠤᠨ ᠦᠨᠳᠦᠰᠦᠨ ᠠᠯᠬᠤᠮ ᠳᠠᠷᠠᠭ᠎ᠠ ᠶᠢ ᠨᠠᠷᠢᠨ ᠲᠠᠶᠢᠯᠪᠤᠷᠢᠯᠠᠵᠤ ᠥᠭᠴᠡᠶ᠃ | | | | | | | | | ᠲᠠᠶᠢᠯᠤᠮᠵᠢ ᠨᠢ ᠵᠢᠷᠦᠬᠡ ᠠᠭᠤᠰᠬᠢᠨ ᠤ ᠰᠡᠷᠭᠦᠯᠲᠡ᠂ ᠴᠢᠰᠤ ᠵᠣᠭᠰᠣᠭᠠᠬᠤ ᠪᠣᠭᠤᠯᠲᠠ᠂ ᠶᠠᠰᠤ ᠬᠤᠭᠤᠷᠠᠭᠰᠠᠨ ᠢ ᠲᠤᠭᠲᠠᠭᠠᠬᠤ ᠵᠡᠷᠭᠡ ᠲᠦᠷᠭᠡᠨ | ᠠᠪᠤᠷᠠᠯᠲᠠ ᠶᠢᠨ ᠤᠷ᠎ᠠ ᠴᠢᠳᠠᠪᠤᠷᠢ ᠵᠢᠴᠢ AED ᠶᠢᠨ ᠴᠡᠴᠡᠷᠬᠢᠯᠡᠯ ᠢ ᠠᠷᠢᠯᠭᠠᠬᠤ ᠠᠦ᠋ᠲ᠋ᠣ᠋ ᠠᠷᠭ᠎ᠠ ᠶᠢ ᠬᠠᠮᠤᠷᠪᠠ᠃ ᠦ᠋ ᠪᠠᠭᠰᠢ ᠦᠨᠡᠨ ᠪᠣᠳᠠᠲᠠᠶ ᠬᠡᠷᠡᠭ ᠤᠨ | ᠵᠢᠱᠢᠶ᠎ᠡ ᠵᠢᠴᠢ ᠲᠤᠬᠠᠶ ᠶᠢᠨ ᠲᠠᠯᠠᠪᠤᠷ ᠲᠤ ᠠᠵᠢᠯᠯᠠᠵᠤ ᠦᠵᠡᠭᠦᠯᠬᠦ᠂ ᠬᠠᠷᠢᠯᠴᠠᠨ ᠬᠥᠳᠡᠯᠦᠯᠴᠡᠬᠦ ᠵᠡᠷᠭᠡ ᠭᠤᠭᠴᠤᠭ᠎ᠠ ᠪᠠᠷ ᠳᠠᠮᠵᠢᠭᠤᠯᠤᠨ᠂ ᠣᠯᠠᠨ ᠳᠤ | ᠦᠨᠳᠦᠰᠦᠨ ᠲᠦᠷᠭᠡᠨ ᠠᠪᠤᠷᠠᠯᠳᠠ ᠶᠢᠨ ᠠᠯᠬᠤᠮ ᠳᠠᠷᠠᠭ᠎ᠠ ᠪᠠ ᠤᠷ᠎ᠠ ᠮᠡᠷᠭᠡᠵᠢᠯ ᠵᠢᠴᠢ ᠠᠳᠠᠯᠢ ᠪᠤᠰᠤ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠲᠦᠷᠭᠡᠨ | ᠠᠪᠤᠷᠠᠯᠳᠠ ᠶᠢᠨ ᠠᠵᠢᠯᠯᠠᠭ᠎ᠠ ᠪᠠ ᠶᠠᠪᠤᠴᠠ ᠶᠢ ᠡᠵᠡᠮᠰᠢᠭᠦᠯᠪᠡ᠃ | | | | | | | | | ᠸᠠᠩ ᠠᠨᠢᠶ᠎ᠠ ᠪᠠᠶᠢᠨ ᠪᠠᠶᠢᠨ ᠭᠠᠷ ᠤᠲᠠᠰᠤ ᠪᠠᠷ ᠰᠡᠭᠦᠳᠡᠷᠯᠡᠬᠦ ᠶᠢᠨ ᠬᠠᠮᠲᠤ ᠨᠠᠷᠢᠨ ᠬᠢᠨᠠᠮᠠᠭᠠᠢ ᠲᠡᠮᠳᠡᠭᠯᠡᠵᠦ᠂ ︽ᠦ᠋ ᠪᠠᠭᠰᠢ ᠶᠢᠨ ᠶᠠᠷᠢᠭᠰᠠᠨ ᠨᠢ ᠮᠠᠰᠢ | ᠰᠠᠶᠢᠨ᠂ ᠠᠮᠢᠳᠤᠷᠠᠯ ᠳᠤ ᠣᠶᠢᠷᠠᠲᠤᠵᠤ᠂ ᠪᠣᠳᠠᠲᠠᠢ ᠲᠠᠢ ᠣᠶᠢᠷᠠᠲᠤᠵᠤ᠂ ᠪᠢ ᠡᠭᠦᠨ ᠤ ᠳᠤᠮᠳᠠ ᠠᠴᠠ ᠮᠠᠰᠢ ᠤᠯᠠᠨ ᠪᠠᠴᠢᠮ ᠪᠠᠶᠢᠳᠠᠯ ᠢ ᠠᠷᠭᠠᠴᠠᠭᠠᠵᠤ | ᠲᠦᠷᠭᠡᠨ ᠠᠪᠤᠷᠠᠬᠤ ᠮᠡᠳᠡᠯᠭᠡ ᠶᠢ ᠰᠤᠷᠪᠠ᠂ ᠡᠭᠦᠨ ᠠᠴᠠ ᠡᠮᠦᠨ᠎ᠡ ᠡᠳᠦᠢ ᠲᠡᠳᠦᠢ ᠣᠶᠢᠯᠠᠭᠠᠯᠲᠠ ᠲᠠᠢ ᠪᠤᠯᠪᠠᠴᠤ ᠰᠢᠰᠲ᠋ᠧᠮ ᠦᠭᠡᠢ ᠪᠦᠷᠢᠨ ᠪᠤᠰᠤ ᠪᠠᠶᠢᠵᠤ᠂ | ᠥᠨᠥᠳᠦᠷ ᠤᠨ ᠰᠤᠷᠤᠯᠴᠠᠯᠭ᠎ᠠ ᠪᠣᠯᠪᠠᠰᠤᠷᠠᠯ ᠨᠠᠳᠠ ᠳᠤ ᠶᠡᠭᠡ ᠠᠰᠢᠭ ᠬᠦᠷᠲᠡᠭᠡᠵᠡᠢ︾ ᠭᠡᠵᠦ ᠬᠡᠯᠡᠪᠡ᠃ | ᠨᠢᠭᠡ ᠦᠳᠡ ᠶᠢᠨ ᠡᠮᠦᠨᠡᠬᠢ ᠪᠣᠯᠪᠠᠰᠤᠷᠠᠯ ᠰᠤᠷᠤᠯᠴᠠᠯᠭ᠎ᠠ ᠪᠠᠷ ᠳᠡᠮᠵᠢᠨ᠂ ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠡᠯᠪᠡᠭ ᠪᠠᠶᠠᠯᠢᠭ | ᠠᠮᠵᠢᠯᠲᠠ ᠣᠯᠵᠤ᠂ ᠲᠤᠬᠠᠶ ᠶᠢᠨ ᠲᠠᠯᠠᠪᠤᠷ ᠲᠤ ᠪᠠᠶᠢᠭ᠎ᠠ ᠰᠤᠷᠤᠭᠴᠢᠳ ᠣᠨᠣᠯ ᠤᠨ ᠮᠡᠳᠡᠯᠭᠡ ᠪᠠ ᠪᠣᠳᠠᠲᠠᠶ ᠪᠣᠯᠪᠠᠰᠤᠷᠠᠯ ᠤᠨ ᠤᠷ᠎ᠠ ᠴᠢᠳᠠᠪᠤᠷᠢ ᠶᠢᠨ | ᠲᠠᠯ᠎ᠠ ᠪᠠᠷ ᠴᠥᠮ ᠢᠯᠡᠳᠲᠡ ᠳᠠᠪᠰᠢᠯᠲᠠ ᠲᠠᠢ ᠪᠣᠯᠵᠣ᠂ ᠬᠤᠪᠢ ᠬᠥᠮᠦᠨ ᠤ ᠲᠦᠷᠭᠡᠨ ᠠᠪᠤᠷᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | | |