ᠲᠦᠷᠦᠭᠦᠬᠡᠨ᠂ ᠭᠦᠭᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ | ᠭᠦᠭᠡᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠬᠦ ᠠᠷᠭ᠎ᠠ︾ ᠵᠢᠴᠢ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢ ᠤᠬᠠᠭᠤᠯᠬᠤ ᠠᠵᠢᠯᠯᠠᠭ᠎ᠠ ᠥᠷᠨᠢᠭᠦᠯᠪᠡ᠃ | ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠠᠷᠢᠯᠴᠠᠨ ᠦᠢᠯᠡᠳᠦᠯᠴᠡᠬᠦ ᠮᠠᠶ᠋ᠢᠭ ᠢᠶᠠᠷ ᠠᠰᠠᠭᠤᠯᠳᠠ ᠳᠤᠷᠠᠳᠴᠤ ᠰᠡᠳᠦᠪ | ᠬᠠᠷᠢᠭᠤᠯᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠭᠡᠯᠪᠡᠷᠢ ᠶᠢ ᠠᠪᠴᠤ᠂ ᠭᠠᠵᠠᠷ ᠤᠨ ᠨᠡᠷ᠎ᠡ ᠶᠢ ᠨᠡᠷᠡᠶᠢᠳᠬᠦ ᠪᠠ ᠥᠭᠡᠷᠡᠴᠢᠯᠡᠬᠦ᠂ ᠭᠠᠵᠠᠷ ᠤᠨ | ᠨᠡᠷ᠎ᠡ ᠶᠢᠨ ᠰᠣᠶᠣᠯ ᠤᠨ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠲᠣᠭᠤᠷᠢᠨ ᠳᠤ ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠣᠭᠲᠠᠭᠠᠯ︾᠂ ︽ᠭᠦᠭᠡᠬᠤᠲᠠ ᠶᠢᠨ ᠭᠠᠵᠠᠷ ᠤᠨ ᠨᠡᠷ᠎ᠡ ᠶᠢᠨ | ᠬᠠᠮᠢᠶᠠᠷᠤᠯᠲᠠ ᠶᠢᠨ ᠳᠦᠷᠢᠮ︾ ᠵᠡᠷᠭᠡ ᠭᠠᠵᠠᠷ ᠤᠨ ᠨᠡᠷ᠎ᠡ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠤᠬᠠᠢ ᠶᠢᠨ ᠲᠠᠯᠠᠪᠤᠷ ᠤᠨ | ᠰᠠᠭᠤᠭᠠᠯᠢ ᠠᠷᠠᠳ ᠲᠤ ᠰᠢᠨ᠎ᠡ ᠪᠠᠷ ᠨᠡᠶᠢᠲᠡᠯᠡᠭᠰᠡᠨ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠣᠶᠢᠯᠠᠭᠠᠭᠤᠯᠵᠤ᠂ | ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠲᠣᠰᠬᠤᠨ ᠤ | ᠨᠠᠷᠡᠳᠤ ᠠᠵᠢᠯᠯᠠᠭ᠎ᠠ︾ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠳᠤ ᠨᠡᠶᠢᠭᠡᠮ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠪᠠ᠃ | ᠬᠤᠶᠢᠰᠢᠳᠠ ᠭᠦᠭᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠡᠯ᠎ᠡ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠤᠬᠠᠭᠤᠯᠭ᠎ᠠ ᠶᠢᠨ | ᠡᠷᠴᠢᠮ ᠢᠶᠠᠨ ᠴᠢᠩᠭᠠᠳᠬᠠᠵᠤ᠂ ᠭᠠᠵᠠᠷ ᠤᠨ ᠨᠡᠷ᠎ᠡ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ | ︽ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠤᠨ ᠨᠡᠷ᠎ᠡ ᠶᠢᠨ ᠦᠢᠯᠡᠴᠢᠯᠡᠭᠡᠨ ᠤ | ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠳᠤ ᠦᠵᠡᠭᠦᠯᠭᠦ ᠴᠢᠬᠤᠯᠠ | ᠦᠢᠯᠡᠳᠦᠯ ᠢ ᠤᠯᠠᠮ ᠨᠢᠭᠡ ᠠᠯᠬᠤᠮ ᠮᠡᠳᠡᠷᠡᠭᠦᠯᠬᠦ ᠪᠣᠯᠣᠨ᠎ᠠ᠃ ᠡᠭᠦᠨ ᠤ ᠬᠠᠮᠲᠤ ᠣᠯᠠᠨ ᠲᠦᠮᠡᠨ ᠤ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠳᠤ | ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ᠂ ᠬᠥᠮᠥᠨ ᠪᠦᠭᠦᠨ ᠣᠷᠤᠯᠴᠠᠬᠤ᠂ ᠬᠥᠮᠥᠨ ᠪᠦᠭᠦᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ | ᠪᠣᠯᠭᠠᠨ᠎ᠠ᠃ |