| | ᠵᠣᠴᠢᠨ᠄ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ | ᠹᠧᠩ ᠶᠦᠨ ᠹᠧᠩ | ᠰᠤᠷᠪᠤᠯᠵᠢᠯᠠᠭᠰᠠᠨ ᠴᠠᠭ᠄ 2024-10-30 10:02 | | ᠬᠠᠮᠢᠶᠠᠷᠤᠭᠴᠢ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ | ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | ᠬᠥᠲᠥᠯᠥᠭᠴᠢ᠄ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠢ ᠳᠤᠷᠠᠳᠴᠤ᠂ ᠬᠥᠬᠡᠬᠤᠲᠠ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ | ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠨᠢᠭᠡ ᠴᠢᠬᠤᠯᠠ ᠡᠭᠦᠷᠭᠡ ᠪᠣᠯᠭᠠᠨ ᠲᠥᠯᠥᠪᠯᠡᠨ ᠪᠠᠶᠢᠷᠢᠯᠠᠭᠤᠯᠵᠤ᠂ ᠠᠮᠢ ᠠᠬᠤᠢ ᠶᠢᠨ | ᠪᠣᠯᠪᠠᠰᠤᠨ ᠤ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠠᠵᠢᠯ ᠢ ᠬᠡᠷᠬᠢᠨ ᠥᠷᠨᠢᠭᠦᠯᠦᠭᠰᠡᠨ | ᠪᠣᠢ︖ | ᠹᠧᠩ ᠶᠦᠨ ᠹᠧᠩ᠄ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ | ᠶᠢ ᠪᠠᠶᠢᠭᠤᠯᠵᠤ᠂ ᠰᠦᠷ ᠳᠠᠯᠠᠶᠢᠴᠠᠲᠠᠶ ᠪᠥᠭᠡᠳ ᠲᠣᠳᠣᠷᠬᠠᠶ ᠪᠣᠳᠠᠲᠠᠢ ᠥᠭᠡᠷᠡᠴᠢᠯᠡᠯᠲᠡ ᠶᠢᠨ ᠬᠠᠭᠤᠳᠠᠰᠤ ᠶᠢ ᠵᠢᠷᠤᠭᠯᠠᠭᠰᠠᠨ ᠪᠠᠶᠢᠨ᠎ᠠ᠃ ᠬᠢᠨᠠᠨ ᠵᠥᠪᠯᠡᠵᠦ | ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠂ 911 ᠦᠰᠦᠭ ᠢᠶᠠᠷ | ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ᠳᠤ ᠴᠢᠬᠤᠯᠠ ᠪᠠᠶᠢᠷᠢᠯᠠᠭᠤᠯᠤᠯᠲᠠ ᠬᠢᠵᠦ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠠᠭ ᠢᠮᠠᠭᠲᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠪᠠ᠃ ᠬᠥᠬᠡᠬᠤᠲᠠ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠴᠢᠩᠭ᠎ᠠ | ᠠᠩᠬᠠᠷᠴᠤ ᠂ ᠰᠡᠳᠬᠢᠬᠦᠢ ᠪᠠ ᠠᠷᠭ᠎ᠠ ᠵᠠᠮ ᠤᠨ ᠰᠢᠨ᠎ᠡ ᠶᠢ ᠡᠭᠦᠳᠦᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠳᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠬᠢᠷᠳᠤᠯ ᠦᠭᠡᠢ ᠴᠢᠨᠠᠷ ᠰᠠᠶᠢᠲᠠᠢ | ᠬᠥᠭᠵᠢᠯᠲᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠠᠩᠭᠠᠭᠰᠠᠨ ᠥᠷᠭᠡᠨ ᠠᠭᠤᠳᠠᠮ ᠣᠷᠣᠨ ᠵᠠᠢ ᠶᠢ ᠭᠦᠢᠴᠡᠳ ᠰᠠᠶᠢᠲᠤᠷ | ᠬᠡᠷᠡᠭᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ | ᠪᠠᠶᠢᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠩᠷᠢ ᠨᠢ ᠨᠡᠩ ᠴᠡᠯᠮᠡᠭ᠂ ᠤᠰᠤ ᠨᠢ ᠨᠡᠩ ᠲᠤᠩᠭᠠᠯᠠᠭ᠂ ᠠᠭᠤᠯᠠ ᠨᠢ ᠨᠡᠩ ᠨᠣᠭᠤᠭᠠᠨ᠂ ᠣᠷᠴᠢᠨ ᠲᠣᠭᠤᠷᠢᠨ ᠨᠢ | ᠨᠡᠩ ᠦᠵᠡᠰᠬᠦᠯᠡᠩᠲᠦ ᠰᠠᠶᠢᠬᠠᠨ ᠪᠣᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠨᠣᠭᠤᠭᠠᠨ ᠳᠡᠪᠢᠰᠬᠡᠷ | ᠥᠩᠭᠡ ᠪᠠ ᠴᠢᠨᠠᠷ ᠴᠢᠨᠰᠠᠭ᠎ᠠ ᠶᠢ ᠨᠡᠩ ᠰᠠᠶᠢᠨ ᠪᠣᠯᠭᠠᠵᠤ᠂ ᠰᠢᠨ᠎ᠡ ᠴᠠᠭ ᠦᠶ᠎ᠡ ᠶᠢᠨ ᠲᠥᠪ ᠬᠤᠲᠠ ᠶᠢᠨ ᠪᠣᠬᠢᠷᠳᠤᠯ ᠦᠭᠡᠢ ᠬᠥᠭᠵᠢᠯᠲᠡ ᠶᠢᠨ | ᠤᠷᠤᠭᠰᠢᠯᠠᠯᠲᠠ ᠶᠢᠨ ᠠᠶᠠᠰ ᠢ ᠴᠤᠤᠷᠢᠶᠠᠲᠤᠭᠤᠯᠪᠠ᠃ | ᠬᠥᠲᠥᠯᠥᠭᠴᠢ᠄ | ᠰᠢᠨ᠎ᠡ ᠬᠤᠲᠠ ᠲᠣᠭᠤᠷᠢᠭ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠡᠷᠬᠢᠨ ᠢᠳᠡᠪᠬᠢᠲᠡᠢ ᠦᠢᠯᠡᠳᠦᠯᠭᠡᠵᠢᠭᠦᠯᠵᠦ᠂ | ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠹᠧᠩ ᠶᠦᠨ ᠹᠧᠩ᠄ | ᠰᠢᠨ᠎ᠡ ᠬᠤᠳᠠ ᠲᠣᠭᠤᠷᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠶᠢᠨ ᠭᠤᠣᠯ ᠬᠤᠳᠠ ᠶᠢᠨ ᠲᠣᠭᠤᠷᠢᠭ | ᠪᠣᠯᠤᠨ᠎ᠠ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠤᠷᠮᠣᠢ᠂ ᠬᠥᠬᠡᠬᠤᠲᠠ ᠶᠢᠨ ᠬᠤᠶᠢᠲᠤ ᠬᠡᠰᠡᠭ ᠲᠤ ᠪᠠᠶᠢᠷᠢᠯᠠᠵᠤ᠂ ᠬᠥᠬᠡᠬᠤᠲᠠ ᠪᠤᠭᠤᠲᠤ ᠤᠷᠳᠤᠰ | ᠲᠡᠮᠡᠭᠡᠲᠦ ᠶᠢᠨ ᠠᠵᠤ ᠠᠬᠤᠢ ᠶᠢᠨ ᠴᠠᠭᠠᠷᠢᠭ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠂ ᠪᠠᠶᠢᠭᠠᠯᠢ ᠶᠢᠨ ᠡᠬᠢ ᠪᠠᠶᠠᠯᠢᠭ ᠤᠯᠠᠨ ᠠᠴᠠ ᠣᠨᠴᠠᠭᠠᠢ ᠪᠠᠶᠢᠵᠤ᠂ | ᠠᠭᠤᠯᠠ ᠤᠰᠤ ᠤᠢ ᠰᠢᠭᠤᠢ ᠨᠠᠭᠤᠷ ᠪᠦᠷᠢᠳᠦ ᠡᠪᠡᠰᠦ ᠪᠡᠯᠴᠢᠭᠡᠷ ᠪᠦᠷᠢᠨ ᠪᠠᠶᠢᠨ᠎ᠠ᠃ ᠤᠢᠢᠷ᠎ᠠ ᠶᠢᠨ ᠵᠢᠯ ᠠᠴᠠ᠂ ᠰᠢᠨ᠎ᠡ ᠬᠤᠳᠠ ᠲᠣᠭᠤᠷᠢᠭ ᠤᠨ ᠬᠢᠨ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠠᠮᠢ ᠠᠬᠤᠢ ᠶᠢ ᠤᠷᠢᠳᠠᠪᠠᠷ | ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ︾ ᠶᠢᠨ ᠤᠢᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ︽ᠡᠬᠡ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ︾ ᠶᠢᠨ ᠬᠠᠷᠠᠯᠲᠠ ᠳᠤ ᠴᠢᠭᠯᠡᠭᠦᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠵᠤ᠂ 2020 ᠣᠨ ᠳᠤ᠂ ᠰᠢᠨ᠎ᠡ ᠬᠤᠳᠠ ᠲᠣᠭᠤᠷᠢᠭ ᠳᠥᠷᠪᠡᠳᠦᠭᠡᠷ | ᠪᠦᠯᠦᠭ ᠤᠨ ︽ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ︾ ᠤ ᠴᠣᠯᠠ ᠶᠢ ᠠᠮᠵᠢᠯᠲᠠ ᠲᠠᠢ ᠣᠯᠵᠤ᠂ | 2023 ᠣᠨ ᠳᠤ ᠤᠯᠤᠰ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠮᠤᠨ ᠠᠴᠠ ᠳᠣᠯᠣᠳᠤᠭᠠᠷ ᠪᠦᠯᠦᠭ ᠤᠨ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠵᠦ᠂ ᠬᠥᠬᠡᠬᠤᠲᠠ ᠶᠢᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠶᠢ ᠤᠯᠠᠮ ᠨᠢᠭᠡ ᠠᠯᠬᠤᠮ ᠲᠦᠷᠭᠡᠳᠬᠡᠪᠡ᠃ ᠡᠭᠦᠨ ᠤ ᠬᠠᠮᠲᠤ᠂ ᠪᠥᠬᠦ ᠤᠯᠤᠰ ᠤᠨ | ᠬᠡᠪᠴᠢᠶᠡᠨ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠲᠠᠢ ᠪᠠᠶᠢᠵᠤ᠂ ᠬᠥᠬᠡᠬᠤᠲᠠ ᠵᠢᠴᠢ ᠪᠤᠰᠤᠳ ᠠᠶᠢᠮᠠᠭ ᠬᠤᠲᠠ ᠳᠤ ᠡᠷᠬᠢᠮ | ᠨᠠᠨᠳᠢᠨ ᠯᠠᠪᠯᠠᠯᠲᠠ ᠪᠠ ᠲᠤᠷᠰᠢᠯᠭ᠎ᠠ ᠪᠣᠯᠵᠤ᠂ ᠡᠭᠦᠨ ᠤ ᠤᠯᠠᠮ ᠠᠴᠠ ᠬᠥᠬᠡᠬᠤᠲᠠ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠨᠠᠩ ᠣᠯᠠᠨ ᠪᠠᠯᠠ ᠣᠷᠣᠭᠤᠯᠤᠯᠲᠠ ᠪᠠ ᠵᠢᠭᠤᠯᠴᠢᠯᠠᠯ ᠤᠨ ᠡᠬᠢ ᠪᠠᠶᠠᠯᠢᠭ ᠢ ᠲᠡᠳᠡᠨ ᠠᠪᠴᠢᠷᠠᠵᠤ᠂ ᠲᠤᠬᠠᠶ ᠶᠢᠨ ᠭᠠᠵᠠᠷ ᠤᠨ ᠠᠵᠤ | ᠠᠬᠤᠶ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠩ ᠴᠢᠩᠭ᠎ᠠ ᠠᠷᠭ᠎ᠠ ᠬᠡᠮᠵᠢᠶ᠎ᠡ | ᠪᠣᠯᠣᠨ ᠪᠣᠬᠢᠷᠳᠤᠯ ᠦᠭᠡᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠥᠬᠡᠬᠤᠲᠠ ᠠᠵᠤ ᠠᠬᠤᠢ ᠶᠢᠨ ᠬᠥᠭᠵᠢᠯᠲᠡ | ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠰᠠᠶᠢᠨ ᠣᠷᠴᠢᠯ ᠢ ᠴᠢᠷᠮᠠᠶᠢᠨ ᠪᠡᠶᠡᠯᠡᠭᠦᠯᠵᠦ᠂ ᠠᠷᠠᠳ ᠣᠯᠠᠨ ᠳᠤ ᠨᠡᠩ ᠰᠠᠶᠢᠨ ᠰᠠᠶᠢᠬᠠᠨ ᠠᠮᠢᠳᠤᠷᠠᠯ ᠤᠨ | ᠣᠷᠴᠢᠨ ᠲᠣᠭᠤᠷᠢᠨ ᠢ ᠬᠠᠩᠭᠠᠪᠠ᠃ | ᠰᠢᠨ᠎ᠡ ᠬᠤᠲᠠ ᠲᠣᠭᠤᠷᠢᠭ ᠨᠢ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠳᠡᠭᠡᠷᠡᠬᠢ ᠴᠣᠯᠠ ᠬᠠᠮᠠᠭᠠᠯᠠᠭᠰᠠᠨ ᠰᠠᠭᠤᠷᠢᠨ ᠳᠡᠭᠡᠷ᠎ᠡ᠂ ᠡᠯ᠎ᠡ ᠵᠦᠢᠯ ᠤᠨ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ | ᠡᠶ᠎ᠡ ᠵᠣᠬᠢᠴᠠᠯ ᠲᠠᠢ ᠬᠠᠮᠲᠤ ᠣᠷᠣᠰᠢᠭᠰᠠᠨ ᠦᠵᠡᠰᠬᠦᠯᠡᠩᠲᠦ ᠰᠠᠶᠢᠬᠠᠨ ᠰᠢᠨ᠎ᠡ ᠬᠤᠲᠠ ᠶᠢ ᠴᠣᠭᠴᠠᠯᠠᠨ ᠪᠠᠶᠢᠭᠤᠯᠵᠤ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠡᠶᠡᠯᠡᠭᠦᠯᠵᠦ᠂ ︽ᠪᠠᠷᠠᠭᠤᠨ ᠬᠤᠶᠢᠲᠤ ᠣᠷᠣᠨ ᠤ ᠲᠥᠪ ᠬᠤᠲᠠ ᠶᠢᠨ ᠲᠣᠭᠤᠷᠢᠭ︾ ᠤᠨ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠮ ᠢ ᠰᠦᠪᠡᠭᠴᠢᠯᠡᠨ ᠨᠡᠭᠡᠭᠡᠵᠦ᠂ ᠢᠯᠡᠳᠲᠡ ᠦᠷ᠎ᠡ ᠪᠦᠲᠦᠮᠵᠢ ᠤᠯᠪᠠ᠃ | ᠬᠥᠲᠥᠯᠥᠭᠴᠢ᠄ | ᠳᠠᠯᠠᠨ ᠬᠠᠷ᠎ᠠ ᠠᠭᠤᠯᠠ ᠨᠢ ᠰᠢᠨ᠎ᠡ ᠬᠤᠲᠠ ᠲᠣᠭᠤᠷᠢᠭ ᠤᠨ ᠴᠢᠬᠤᠯᠠ ᠬᠡᠰᠡᠭ ᠪᠣᠯᠤᠭᠰᠠᠨ ᠤ ᠬᠤᠪᠢ ᠳᠤ᠂ ᠡᠮᠦᠨ᠎ᠡ ᠪᠠᠯ ᠤᠨ ᠠᠮᠢ ᠠᠬᠤᠶ ᠶᠢᠨ | ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠯᠲᠠ ᠳᠤᠮᠳᠠ ᠮᠠᠰᠢ ᠣᠯᠠᠨ ᠬᠤᠪᠢ ᠨᠡᠮᠡᠷᠢ ᠦᠵᠡᠭᠦᠯᠪᠡ᠂ ᠰᠢᠨ᠎ᠡ ᠬᠤᠲᠠ ᠲᠣᠭᠤᠷᠢᠭ ᠨᠢ ᠳᠠᠯᠠᠨ ᠬᠠᠷ᠎ᠠ ᠠᠭᠤᠯᠠ ᠶᠢᠨ | ᠠᠮᠢ ᠠᠬᠤᠶ ᠶᠢ ᠶᠡᠷᠦᠩᠬᠡᠶᠢᠯᠡᠨ ᠵᠠᠰᠠᠵᠤ ᠬᠠᠮᠠᠭᠠᠯᠠᠬᠤ ᠲᠠᠯ᠎ᠠ ᠪᠠᠷ ᠪᠣᠳᠠᠲᠠᠶ ᠶᠠᠮᠠᠷ ᠶᠠᠮᠠᠷ ᠠᠵᠢᠯ ᠢ ᠬᠢᠭᠰᠡᠨ ᠪᠣᠶ︖ | ᠹᠧᠩ ᠶᠦᠨ ᠹᠧᠩ᠄ | ᠰᠢᠨ᠎ᠡ ᠬᠤᠲᠠ ᠲᠣᠭᠤᠷᠢᠭ ᠨᠢ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ | ᠢᠨᠵᠧᠨᠧᠷᠢᠩ ᠢ ᠡᠭᠦᠷᠢᠳᠡ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢᠨ ᠬᠠᠮᠲᠤ ︽ᠬᠤᠲᠠ ᠶᠢᠨ ᠲᠣᠭᠤᠷᠢᠭ ᠨᠢ ᠭᠤᠶᠣ᠂ ᠣᠷᠴᠢᠨ ᠲᠣᠭᠤᠷᠢᠨ ᠨᠢ ᠰᠢᠯᠢᠳᠡᠭ᠂ ᠬᠥᠮᠦᠨ ᠰᠣᠶᠣᠯ ᠢᠷᠭᠡᠨᠰᠢᠯ ᠲᠠᠢ᠂ ᠠᠷᠠᠳ ᠣᠯᠠᠨ ᠨᠢ | ᠵᠢᠷᠭᠠᠯ ᠲᠠᠢ︾ ᠪᠣᠬᠢᠷᠲᠤᠯ ᠥᠬᠡᠶ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠵᠦ᠂ ᠲᠤᠷᠰᠢᠯᠭ᠎ᠠ ᠪᠠᠨ ᠳ᠋ᠦᠩᠨᠡᠬᠦ᠂ ᠵᠢᠱᠢᠶ᠎ᠡ ᠦᠵᠡᠭᠦᠯᠬᠦ᠂ ᠦᠯᠢᠭᠡᠷ | ᠳᠠᠭᠤᠷᠢᠶᠠᠯ ᠪᠣᠯᠬᠤ ᠱᠠᠭᠠᠷᠳᠠᠯᠭ᠎ᠠ ᠶᠣᠰᠣᠭᠠᠷ᠂ ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ ᠪᠦᠰᠡ ᠶᠢ ᠥᠨᠳᠥᠷ | ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠪᠠᠷ ᠳᠠᠮᠵᠢᠭᠤᠯᠤᠨ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ ︽ᠠᠮᠢ ᠠᠬᠤᠶ ᠶᠢᠨ ᠨᠣᠭᠤᠭᠠᠨ ᠪᠦᠰᠡ︾ ᠶᠢ | ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠢ ᠬᠥᠬᠡᠬᠤᠲᠠ ᠶᠢᠨ ︽ᠨᠣᠭᠤᠭᠠᠨ ᠠᠭᠤᠰᠬᠢ︾ ᠪᠠ ᠤᠮᠠᠷᠠᠲᠤ ᠶᠢᠨ | ᠪᠠᠶᠢᠭᠠᠯᠢ ᠶᠢᠨ ᠠᠮᠢ ᠠᠬᠤᠶ ᠶᠢᠨ ᠬᠠᠯᠬᠠᠪᠴᠢ ᠵᠢᠴᠢ ᠣᠷᠣᠨ ᠪᠦᠰᠡ ᠶᠢᠨ ᠴᠢᠨᠠᠷᠲᠠᠶ ᠠᠮᠢ ᠠᠬᠤᠶ ᠶᠢᠨ ᠬᠤᠩᠭᠢᠯ ᠪᠣᠯᠭᠠᠪᠠ᠃ | ᠰᠢᠨ᠎ᠡ ᠬᠤᠲᠠ ᠲᠣᠭᠤᠷᠢᠭ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢ | ᠶᠡᠷᠦᠩᠬᠡᠶᠢᠯᠡᠨ ᠵᠠᠰᠠᠵᠤ ᠬᠠᠮᠠᠭᠠᠯᠠᠬᠤ ᠢᠨᠵᠧᠨᠧᠷᠢᠩ ᠢ ᠡᠬᠢᠯᠡᠭᠦᠯᠬᠦ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠳᠠᠭᠠᠵᠤ᠂ ᠪᠥᠬᠦ | ᠲᠣᠭᠤᠷᠢᠭ ᠤᠨ ᠬᠦᠴᠦᠨ ᠢᠶᠠᠷ ᠢᠶᠠᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢ ᠬᠠᠮᠠᠭᠠᠯᠠᠵᠤ ᠶᠡᠷᠦᠩᠬᠡᠶᠢᠯᠡᠨ ᠵᠠᠰᠠᠬᠤ ᠢᠨᠵᠧᠨᠧᠷᠢᠩ ᠢ | ᠭᠦᠨᠵᠡᠭᠡᠶ ᠬᠡᠷᠡᠭᠵᠢᠭᠦᠯᠵᠦ᠂ ︽ᠠᠭᠤᠯᠠ ᠶᠢ ᠬᠤᠲᠠ ᠳᠤ ᠲᠤᠰᠬᠠᠬᠤ︾ ᠪᠠᠶᠢᠯᠳᠤᠬᠤ ᠪᠣᠳᠣᠯᠭ᠎ᠠ ᠶᠢ ᠳᠥᠯᠭᠢᠨ ᠠᠬᠢᠭᠤᠯᠵᠤ᠂ 10 ᠲᠦᠮᠡ ᠭᠠᠷᠤᠶ ᠲᠡᠭᠰᠢ | ᠳᠥᠷᠪᠡᠯᠵᠢᠨ ᠮᠧᠲᠷ ᠤᠨ ᠨᠢᠴᠦᠭᠦᠨ ᠠᠭᠤᠯᠠ ᠶᠢ ᠲᠦᠢᠯᠪᠤᠷᠢᠲᠠᠶ ᠵᠠᠰᠠᠨ ᠰᠡᠷᠭᠦᠭᠡᠵᠦ᠂ ᠬᠥᠮᠦᠨ ᠤ ᠬᠦᠴᠦ ᠪᠠᠷ ᠵᠠᠰᠠᠨ ᠰᠡᠷᠭᠦᠭᠡᠬᠦ ᠪᠠ ᠠᠶᠠᠨᠳᠠᠭᠠᠨ | ᠰᠡᠷᠭᠦᠭᠡᠬᠦ ᠶᠢ ᠪᠦᠲᠦᠮᠵᠢᠲᠡᠶ ᠤᠶᠠᠯᠳᠤᠭᠤᠯᠪᠠ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ | ᠢᠨᠵᠧᠨᠧᠷᠢᠩ ᠳᠤ᠂ ᠬᠥᠬᠡᠬᠤᠲᠠ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠨᠡᠶᠢᠲᠡ 292 ᠪᠣᠬᠢᠷᠲᠤᠯ ᠲᠠᠢ ᠠᠵᠤ ᠠᠬᠤᠶᠢᠯᠠᠯ ᠢ ᠪᠦᠬᠦᠨ ᠢ ᠬᠠᠭᠠᠵᠤ᠂ | ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ 60 ᠲᠦᠮᠡᠨ ᠲᠡᠭᠰᠢ ᠳᠥᠷᠪᠡᠯᠵᠢᠨ ᠮᠧᠲᠷ ᠰᠢᠬᠠᠮ ᠨᠤᠷᠠᠭᠠᠪᠠ᠃ ᠳᠠᠯᠠᠨ ᠬᠠᠷ᠎ᠠ ᠠᠭᠤᠯᠠ ᠶᠢᠨ ᠲᠡᠦᠬᠡᠨ ᠠᠴᠠ | ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢ ᠵᠠᠰᠠᠨ ᠰᠡᠷᠭᠦᠭᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ 3 ᠦᠯᠡᠳᠡᠭᠳᠡᠯ ᠠᠭᠤᠷᠬᠠᠢ ᠶᠢᠨ | ᠬᠠᠶᠠᠭᠳᠠᠮᠠᠯ ᠤᠨ ᠬᠥᠮᠥᠷᠭᠡ ᠶᠢ ᠪᠦᠬᠦᠨ ᠢ ᠵᠠᠰᠠᠵᠤ ᠳᠠᠭᠤᠰᠬᠠᠪᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ | ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠤᠨ | ᠬᠤᠭᠤᠰᠣᠨ ᠭᠠᠵᠠᠷ ᠵᠢᠴᠢ ᠵᠠᠮ ᠤᠨ ᠬᠤᠶᠠᠷ ᠬᠠᠵᠠᠭᠤ ᠪᠠᠷ 4 ᠲᠦᠮᠡᠨ ᠮᠦ ᠭᠠᠵᠠᠷ ᠰᠢᠷᠣᠢ ᠶᠢ ᠣᠶᠢᠵᠢᠭᠤᠯᠵᠤ ᠨᠣᠭᠤᠭᠠᠷᠠᠭᠤᠯᠬᠤ ᠢᠨᠵᠧᠨᠧᠷᠢᠩ ᠢ | ᠬᠡᠷᠡᠭᠵᠢᠭᠦᠯᠵᠦ᠂ ᠬᠠᠷᠠᠴᠢᠨ ᠠᠮᠢ ᠠᠬᠤᠢ ᠶᠢᠨ ᠴᠡᠴᠡᠷᠯᠢᠭ᠂ ᠴᠡᠯᠡᠭᠡᠷ ᠲᠠᠯ᠎ᠠ ᠶᠢᠨ ᠪᠠᠶᠢᠭᠠᠯᠢ ᠶᠢᠨ ᠦᠵᠡᠮᠵᠢ᠂ ᠮᠧᠩ ᠼᠤᠤ ᠦᠵᠡᠰᠬᠦᠯᠡᠩ ᠤᠨ ᠬᠦᠷᠢᠶᠡᠯᠡᠩ | ᠵᠡᠷᠭᠡ ᠲᠤᠮᠤ ᠬᠡᠯᠪᠡᠷᠢ ᠶᠢᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ 9.8 ᠲᠦᠮᠡᠨ ᠮᠦ ᠡᠵᠡᠭᠦᠢ ᠭᠠᠵᠠᠷ᠂ | ᠠᠲᠠᠷᠰᠢᠭᠰᠠᠨ ᠭᠠᠵᠠᠷ ᠤᠨ ᠠᠮᠢ ᠠᠬᠤᠢ ᠰᠡᠷᠭᠦᠵᠦ᠂ ᠡᠯ᠎ᠡ ᠲᠦᠷᠦᠯ ᠤᠨ ᠲᠤᠷᠤᠭ ᠮᠣᠳᠣ᠂ ᠪᠤᠲᠠ ᠮᠣᠳᠣ ᠵᠢᠴᠢ ᠡᠪᠡᠰᠦᠲᠦ ᠤᠷᠭᠤᠮᠠᠯ 1800 ᠭᠠᠷᠤᠢ | ᠲᠦᠮᠡᠨ ᠰᠠᠭᠤᠷᠢ ︵ᠪᠤᠳᠠ ᠮᠣᠳᠣ︶ ᠲᠠᠷᠢᠵᠤ᠂ ᠨᠣᠭᠤᠭᠠᠷᠠᠭᠤᠯᠤᠯᠲᠠ ᠶᠢᠨ ᠶᠡᠷᠦᠩᠬᠡᠢ ᠲᠠᠯᠠᠪᠠᠢ ᠨᠢ 14 ᠲᠦᠮᠡᠨ ᠮᠦ ᠬᠦᠷᠴᠦ᠂ ᠤᠢ ᠡᠪᠡᠰᠦ ᠶᠢᠨ | ᠪᠦᠷᠬᠦᠴᠡ 63 % ᠬᠦᠷᠴᠦ᠂ ᠪᠣᠬᠢᠷᠲᠤᠯ ᠦᠭᠡᠢ ᠨᠢ ᠨᠢᠭᠡᠨᠲᠡ ᠠᠮᠢ ᠠᠬᠤᠢ ᠶᠢᠨ ᠰᠢᠨ᠎ᠡ ᠬᠤᠳᠠ ᠶᠢᠨ ︽ᠬᠠᠮᠤᠭ ᠤᠨ ᠭᠤᠶᠤ ᠦᠨᠳᠦᠰᠦᠨ ᠦᠩᠭᠡ︾ | ᠪᠣᠯᠤᠭᠰᠠᠨ ᠪᠠᠶᠢᠨ᠎ᠠ᠃ | ᠬᠥᠲᠥᠯᠥᠭᠴᠢ᠄ | ᠰᠢᠨ᠎ᠡ ᠬᠤᠲᠠ ᠲᠣᠭᠤᠷᠢᠭ ᠨᠢ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ | ᠪᠣᠢ︖ | ᠹᠧᠩ ᠶᠦᠨ ᠹᠧᠩ᠄ | ᠰᠢᠨ᠎ᠡ ᠬᠤᠳᠠ ᠲᠣᠭᠤᠷᠢᠭ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠠᠵᠢᠯ ᠢ ᠰᠠᠶᠢᠲᠤᠷ ᠬᠢᠬᠦ ᠶᠢ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠬᠤᠯᠠ ᠠᠴᠠ ᠴᠢᠬᠤᠯᠠ ᠠᠵᠢᠯ ᠪᠣᠯᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ | ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤᠵᠢᠭᠤᠯᠬᠤ ᠶᠢᠨ ᠬᠠᠮᠲᠤ ᠢᠳᠡᠪᠬᠢᠲᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠨ᠂ ᠠᠮᠢ ᠠᠬᠤᠢ ᠶᠢᠨ ᠣᠷᠴᠢᠨ ᠲᠣᠭᠤᠷᠢᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ | ᠪᠣᠯᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠪᠠ᠃ | ᠨᠢᠭᠡ ᠳᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠪᠠᠬᠢᠵᠢᠪᠡ᠃ ᠴᠡᠯᠡᠭᠡᠷ ᠲᠠᠯ᠎ᠠ ᠠᠮᠢ ᠠᠬᠤᠶ ᠶᠢᠨ ᠥᠯᠢᠭᠡᠷ ᠡᠳ᠋ ᠬᠠᠳᠠᠭᠠᠯᠠᠬᠤ | ᠣᠷᠣᠨ ᠵᠠᠶ ᠶᠢᠨ ᠡᠪᠡᠰᠦᠨ ᠤ ᠦᠷ᠎ᠡ ᠡᠭᠦᠯᠳᠡᠷ ᠤᠨ ᠨᠥᠭᠡᠴᠡᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ 2200 ᠵᠦᠢᠯ ᠤᠨ | ᠤᠷᠭᠤᠮᠠᠯ ᠤᠨ ᠤᠳᠤᠮᠯᠠᠯ ᠤᠨ ᠡᠳ᠋ ᠤᠨ ᠡᠬᠢ ᠪᠠᠶᠠᠯᠢᠭ ᠢ ᠬᠤᠷᠢᠶᠠᠨ ᠬᠠᠳᠠᠭᠠᠯᠠᠵᠤ᠂ ᠠᠮᠢ ᠠᠬᠤᠶ ᠶᠢ ᠰᠡᠷᠭᠦᠭᠡᠬᠦ ᠳᠤ ᠬᠡᠷᠡᠭᠰᠡᠬᠦ ᠨᠤᠲᠤᠭ ᠤᠨ ᠡᠪᠡᠰᠦᠨ | ᠦᠷ᠎ᠡ ᠶᠢ ᠨᠠᠩ ᠣᠯᠠᠨ ᠡᠰᠢᠵᠢᠭᠦᠯᠪᠡ᠃ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠭᠤᠤ ᠶᠢᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠪᠦᠬᠦᠨ ᠢ | ᠳᠠᠭᠤᠰᠬᠠᠵᠤ᠂ 10 ᠲᠦᠮᠡ ᠭᠠᠷᠤᠶ ᠲᠡᠭᠰᠢ ᠳᠥᠷᠪᠡᠯᠵᠢᠨ ᠮᠧᠲᠷ ᠤᠨ ᠬᠠᠯᠴᠠᠭᠠᠢ ᠠᠭᠤᠯᠠ ᠶᠢ ᠲᠦᠢᠯᠪᠤᠷᠢᠲᠠᠶ ᠰᠡᠷᠭᠦᠭᠡᠵᠦ᠂ ᠬᠥᠮᠦᠨ ᠤ ᠬᠦᠴᠦ ᠪᠠᠷ | ᠰᠡᠷᠭᠦᠭᠡᠬᠦ ᠪᠠ ᠠᠶᠠᠨᠳᠠᠭᠠᠨ ᠰᠡᠷᠭᠦᠬᠦ ᠶᠢ ᠪᠦᠲᠦᠮᠵᠢᠲᠡᠶ ᠤᠶᠠᠯᠳᠤᠭᠤᠯᠪᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠤ᠂ ᠤᠯᠤᠰ ᠤᠨ ᠭᠠᠵᠠᠷ ᠰᠢᠷᠣᠶ ᠶᠢ | ᠨᠣᠭᠤᠭᠠᠷᠠᠭᠤᠯᠤᠭᠰᠠᠨ ᠲᠤᠷᠤᠭ ᠪᠤᠳᠠ ᠮᠣᠳᠣᠨ ᠤ ᠣᠶ ᠶᠢ ᠥᠭᠡᠷᠡᠴᠢᠯᠡᠬᠦ ᠲᠥᠷᠥᠯ ᠵᠦᠢᠯ ᠢ 4.1 ᠲᠦᠮᠡᠨ ᠮᠥ ᠬᠡᠷᠡᠭᠵᠢᠭᠦᠯᠵᠦ᠂ ᠠᠯᠪᠠᠨ ᠵᠢᠷᠤᠮ ᠤᠨ ᠮᠣᠳᠣ | ᠨᠡᠶᠢᠲᠡ 125 ᠲᠦᠮᠡ ᠭᠠᠷᠤᠶ ᠰᠠᠭᠤᠷᠢ ᠳᠠᠷᠢᠪᠠ᠃ ᠰᠢᠨ᠎ᠡ ᠬᠤᠲᠠ ᠲᠣᠭᠤᠷᠢᠭ ᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠶᠢ | ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠠᠯᠠᠪᠠᠶ ᠶᠢ 73.4 ᠲᠦᠮᠡᠨ ᠮᠥ ᠲᠣᠭᠲᠠᠭᠠᠵᠤ᠂ ᠬᠥᠨᠥᠭᠡᠯᠲᠡᠶ ᠠᠮᠢᠳᠤ ᠪᠣᠳᠠᠰ ᠢ 4.5 ᠲᠦᠮᠡᠨ ᠮᠥ | ᠰᠡᠷᠭᠡᠶᠢᠯᠡᠨ ᠵᠠᠰᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠶᠢ ᠪᠦᠲᠦᠮᠵᠢᠲᠡᠶ ᠴᠢᠩᠭᠠᠳᠬᠠᠵᠤ᠂ ᠨᠣᠭᠤᠭᠠᠨ ᠬᠠᠯᠬᠠᠪᠴᠢ ᠶᠢ ᠤᠯᠠᠮ ᠨᠢᠭᠡ | ᠠᠯᠬᠤᠮ ᠪᠠᠬᠢᠵᠢᠭᠦᠯᠪᠡ᠃ | ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠬᠦᠴᠦᠲᠡᠢ ᠠᠬᠢᠭᠤᠯᠪᠠ᠃ PM2.5 ᠪᠠ ᠣᠽᠣᠨ ᠢ ᠭᠦᠨᠵᠡᠭᠡᠢ ᠬᠠᠮᠵᠢᠯᠴᠠᠨ ᠬᠠᠮᠢᠶᠠᠷᠤᠨ | ᠡᠵᠡᠮᠳᠡᠵᠦ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠪᠠᠶᠢᠩᠭᠤᠵᠢᠭᠤᠯᠤᠨ ᠵᠠᠰᠠᠵᠤ᠂ ᠨᠢᠳᠤᠨᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ | ᠡᠳᠦᠷ ᠤᠨ ᠲᠤᠭ᠎ᠠ 328 ᠡᠳᠦᠷ ᠲᠤ ᠬᠦᠷᠴᠦ᠂ ᠬᠥᠬᠡ ᠣᠭᠲᠠᠷᠭᠤᠶ ᠴᠠᠭᠠᠨ ᠡᠭᠦᠯᠡ ᠶᠢ ᠬᠡᠪ ᠤᠨ ᠪᠠᠶᠢᠳᠠᠯ ᠲᠠᠢ ᠪᠣᠯᠭᠠᠪᠠ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠤᠨ ᠳᠠᠷᠤᠭ᠎ᠠ ᠶᠢᠨ ᠳᠦᠷᠢᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠲᠠᠪᠴᠠᠩ ᠨᠢ ᠭᠤᠣᠯ ᠤᠨ ᠬᠠᠮᠢᠶᠠᠷᠤᠯᠲᠠ ᠶᠢᠨ ᠬᠥᠳᠡᠯᠦᠩᠭᠦᠢ ᠮᠥᠷᠳᠡᠯᠲᠡ ᠶᠢ ᠪᠡᠶᠡᠯᠡᠭᠦᠯᠵᠦ᠂ ᠭᠤᠣᠯ ᠤᠨ ᠵᠠᠮ ᠤᠨ ︽ᠳᠥᠷᠪᠡᠨ | ᠵᠢᠷᠤᠮ ᠦᠭᠡᠢ︾ ᠶᠢ 24 ᠴᠡᠭᠴᠡᠯᠡᠨ ᠵᠠᠰᠠᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠡᠬᠢ ᠡᠭᠦᠰᠦᠯ ᠢ 16 ᠡᠷᠢᠵᠦ᠂ | ᠣᠭᠲᠣᠯᠤᠭᠠᠰᠤ ᠶᠢᠨ ᠤᠰᠤᠨ ᠴᠣᠭᠴᠠ ᠶᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ᠂ ᠨᠣᠮᠢᠨ ᠤᠰᠤ ᠲᠤᠩᠭᠠᠯᠠᠭ ᠤᠷᠤᠰᠬᠠᠯ ᠲᠠᠢ ᠪᠣᠯᠪᠠ᠃ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠰᠦᠯᠢᠶᠣᠣ ᠪᠦᠷᠬᠦᠪᠴᠢ ᠶᠢ ᠬᠤᠷᠢᠶᠠᠨ | ᠠᠪᠴᠤ ᠠᠰᠢᠭᠯᠠᠬᠤ ᠨᠤᠷᠮ᠎ᠠ 85% ᠬᠦᠷᠴᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠤᠷᠮ᠎ᠠ 91% ᠬᠦᠷᠴᠦ᠂ ᠴᠡᠪᠡᠷ ᠬᠥᠷᠥᠰᠥ ᠨᠣᠭᠤᠭᠠᠨ | ᠭᠠᠵᠠᠷ ᠨᠢ ᠨᠡᠷ᠎ᠡ ᠶᠢᠨ ᠬᠠᠭᠤᠳᠠᠰᠤ ᠪᠣᠯᠪᠠ᠃ | ᠬᠥᠲᠥᠯᠥᠭᠴᠢ᠄ | ᠣᠳᠣᠬᠠᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠤᠴᠢᠷ ᠬᠥᠮᠥᠰ ᠤᠨ | ᠠᠩᠬᠠᠷᠤᠯ ᠢ ᠤᠯᠠᠮ ᠠᠴᠠ ᠤᠯᠠᠮ ᠶᠡᠭᠡ ᠲᠠᠲᠠᠬᠤ ᠪᠣᠯᠣᠯ᠎ᠠ᠂ ᠰᠢᠨ᠎ᠡ ᠬᠤᠲᠠ ᠲᠣᠭᠤᠷᠢᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠭᠡᠷ ᠣᠷᠣᠨ ᠤ ᠠᠮᠢ ᠠᠬᠤᠢ ᠶᠢᠨ ᠠᠮᠢᠳᠤᠷᠠᠯ ᠤᠨ ᠰᠢᠰᠲ᠋ᠧᠮᠵᠢ ᠶᠢ ᠬᠡᠷᠬᠢᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ | ᠰᠠᠶᠢᠬᠠᠨ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠬᠡᠷᠬᠢᠨ ᠲᠦᠯᠬᠢᠨ ᠠᠬᠢᠭᠤᠯᠤᠭᠰᠠᠨ ᠪᠤᠢ︖ | ᠹᠧᠩ ᠶᠦᠨ ᠹᠧᠩ᠄ | ᠰᠢᠨ᠎ᠡ ᠬᠤᠲᠠ ᠲᠣᠭᠤᠷᠢᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠲᠦᠭᠡᠨ ᠪᠠᠶᠢᠭᠤᠯᠬᠤ | ᠲᠠᠯ᠎ᠠ ᠪᠠᠷ ︽ᠭᠡᠷ ᠢ ᠥᠭᠡᠷᠡᠴᠢᠯᠡᠵᠦ︾ ᠪᠠᠶᠢᠭᠰᠠᠨ ᠠᠴᠠ ᠪᠠᠨ ︽ᠠᠮᠢᠳᠤᠷᠠᠯ ᠢ ᠥᠭᠡᠷᠡᠴᠢᠯᠡᠬᠦ︾ ᠪᠣᠯᠭᠠᠨ ᠬᠤᠪᠢᠷᠠᠭᠤᠯᠵᠤ᠂ ᠰᠠᠭᠤᠭᠠᠯᠢ ᠠᠷᠠᠳ ᠤᠨ | ᠠᠮᠢᠳᠤᠷᠠᠯ ᠤᠨ ᠶᠠᠰᠤ ᠴᠢᠨᠠᠷ ᠪᠠ ᠬᠤᠲᠠ ᠶᠢᠨ ᠶᠡᠷᠦᠩᠬᠡᠢ ᠳᠦᠷᠢ ᠳᠥᠷᠬᠦ ᠶᠢ ᠳᠡᠭᠡᠭᠰᠢᠯᠡᠭᠦᠯᠪᠡ᠃ ᠪᠣᠳᠠᠲᠠᠢ ᠪᠠᠷ᠄ | ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠪᠠ᠃ ᠲᠠᠷᠢᠶᠠᠯᠠᠩ ᠤᠨ ᠲᠣᠯᠣᠭᠠᠶᠢᠯᠠᠭᠴᠢ ᠠᠵᠤ | ᠠᠬᠤᠶᠢᠯᠠᠯ 13᠂ ᠬᠤᠷᠰᠢᠶ᠎ᠠ 46᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 24᠂ ᠵᠠᠯᠠᠨ ᠪᠠᠶᠢᠰᠢᠩ ᠤᠨ ᠰᠤᠳᠤᠯᠵᠤ ᠰᠤᠷᠤᠯᠴᠠᠬᠤ ᠰᠠᠭᠤᠷᠢᠨ | ᠭᠠᠵᠠᠷ᠂ ᠭᠤᠷᠪᠠᠨ ᠪᠠᠶᠢᠰᠢᠩ ᠤᠨ ᠬᠡᠦᠬᠡᠳ ᠤᠨ ᠴᠡᠩᠭᠡᠯ ᠤᠨ ᠬᠦᠷᠢᠶᠡᠯᠡᠩ ᠵᠡᠷᠭᠡ ᠣᠨᠴᠠᠯᠢᠭᠲᠤ ᠲᠥᠷᠥᠯ ᠵᠦᠢᠯ ᠢ ᠬᠥᠭᠵᠢᠶᠡᠨᠲᠡᠢ ᠡᠵᠡᠩᠨᠡᠵᠦ᠂ ᠬᠠᠯᠠᠭᠠᠢ ᠶᠢᠨ | ᠪᠡᠯᠡᠳᠬᠡᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠲᠣᠰᠬᠤ ᠶᠢᠨ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠴᠥᠮ ᠠᠵᠢᠯ ᠡᠬᠢᠯᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠪᠠ ᠰᠢᠨ᠎ᠡ ᠬᠡᠯᠪᠡᠷᠢ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠣᠷᠣᠯᠭ᠎ᠠ ᠦᠷᠭᠦᠯᠵᠢᠯᠡᠨ ᠨᠡᠮᠡᠭᠳᠡᠪᠡ᠃ ᠢᠮᠠᠭᠠᠲᠤ ᠣᠢ ᠰᠢᠭᠤᠢ ᠶᠢᠨ ᠴᠡᠴᠡᠷᠯᠢᠭ ᠤᠨ ᠵᠠᠮ ᠢ ᠥᠭᠡᠷᠡᠴᠢᠯᠡᠨ ᠵᠠᠰᠠᠬᠤ᠂ | ᠱᠧᠩ ᠱᠦᠢ ᠯᠢᠶᠠᠩ ᠤᠨ ᠬᠤᠪᠢᠰᠬᠠᠯᠲᠤ ᠠᠮᠢ ᠠᠬᠤᠢ ᠶᠢᠨ ᠵᠢᠭᠤᠯᠴᠢᠯᠠᠯ ᠤᠨ ᠵᠠᠰᠠᠮᠠᠯ ᠵᠠᠮ ᠢ ᠥᠭᠡᠷᠡᠴᠢᠯᠡᠨ ᠵᠠᠰᠠᠬᠤ ᠠᠵᠢᠯ ᠢ ᠲᠣᠭᠲᠠᠭᠰᠠᠨ | ᠬᠤᠭᠤᠴᠠᠭᠠᠨ ᠳᠤ ᠳᠠᠭᠤᠰᠬᠠᠪᠠ᠃ ᠪᠤᠷᠤᠬᠤᠰᠢᠭᠤ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ ᠠᠵᠢᠯ ᠢ ᠤᠷᠤᠭᠰᠢᠲᠠᠶ | ᠳᠠᠭᠤᠰᠬᠠᠵᠤ᠂ ᠬᠠᠷᠠᠴᠢᠨ ᠲᠣᠰᠬᠤᠨ ᠵᠡᠷᠭᠡ 7 ᠭᠠᠵᠠᠷ ᠤᠨ ᠢᠳᠡᠬᠦ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ | ᠪᠡᠶᠡᠯᠡᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠨᠣᠷᠮ᠎ᠠ ᠶᠢ 100% ᠳᠤ ᠬᠦᠷᠭᠡᠵᠦ᠂ ᠤᠰᠤ ᠬᠠᠩᠭᠠᠬᠤ ᠤᠰᠤ | ᠭᠠᠳᠠᠭᠰᠢᠯᠠᠭᠤᠯᠬᠤ ᠶᠢ ᠨᠢᠭᠡ ᠴᠣᠠᠠᠴᠠᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ ᠬᠥᠳᠡᠭᠡ ᠲᠣᠰᠬᠤᠨ ᠤ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ 301 ᠭᠡᠷ ᠤᠨ ᠵᠣᠷᠯᠣᠩ ᠢ ᠥᠭᠡᠷᠡᠴᠢᠯᠡᠨ | ᠰᠠᠶᠢᠵᠢᠷᠠᠭᠤᠯᠵᠤ᠂ 72.5 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠵᠦ᠂ 18 ᠵᠠᠰᠠᠭ ᠵᠠᠬᠢᠷᠭᠠᠨ ᠤ | ᠲᠣᠰᠬᠤᠨ ᠤ ᠵᠡᠭᠡᠯᠢ ᠳᠠᠭᠠᠤ ᠶᠢᠨ 359 ᠮᠤ᠋ ᠭᠠᠵᠠᠷ ᠤᠨ ᠨᠣᠭᠤᠭᠠᠷᠠᠭᠤᠯᠤᠯᠲᠠ ᠶᠢ ᠲᠠᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠵᠤ᠂ ᠰᠢᠶᠠᠩ | ᠪᠠᠯᠭᠠᠰᠤᠨ ᠳᠤ ᠴᠠᠷᠳᠠᠮᠠᠯ ᠵᠠᠮ ᠨᠡᠪᠲᠡᠷᠡᠭᠦᠯᠵᠦ᠂ 24 ᠵᠠᠰᠠᠭ ᠵᠠᠬᠢᠷᠭᠠᠨ ᠤ ᠲᠣᠰᠬᠤᠨ ᠳᠤ ᠴᠠᠷᠳᠠᠮᠠᠯ ᠵᠠᠮ ᠪᠤᠶᠤ ᠱᠦᠢᠨᠢ ᠵᠠᠮ ᠨᠡᠪᠲᠡᠷᠡᠭᠦᠯᠵᠦ᠂ ᠲᠡᠷᠭᠡ | ᠨᠡᠪᠲᠡᠷᠡᠭᠰᠡᠨ ᠨᠣᠷᠮ᠎ᠠ 100% ᠬᠦᠷᠴᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠰᠢᠨ᠎ᠡ ᠪᠠᠷ ᠳᠡᠭᠡᠭᠰᠢᠯᠡᠭᠦᠯᠪᠡ᠃ | ᠬᠤᠶᠠᠷ ᠲᠤ᠂ ᠬᠤᠲᠠ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ᠬᠤᠲᠠ ᠬᠥᠳᠡᠭᠡ ᠶᠢᠨ ᠬᠥᠭᠵᠢᠯᠲᠡ ᠶᠢᠨ ᠣᠷᠣᠨ ᠵᠠᠶ ᠦᠷᠭᠦᠯᠵᠢᠯᠡᠨ | ᠰᠢᠯᠢᠳᠡᠭᠵᠢᠵᠦ᠂ 18 ᠵᠠᠮ ᠢ ᠰᠢᠨ᠎ᠡ ᠪᠠᠷ ᠪᠤᠶᠤ ᠦᠷᠭᠦᠯᠵᠢᠯᠡᠨ ᠪᠠᠶᠢᠭᠤᠯᠵᠤ᠂ 12 ᠮᠤᠬᠤᠷ ᠵᠠᠮ ᠢ ᠨᠡᠪᠲᠡᠷᠡᠭᠦᠯᠵᠦ᠂ 40 ᠵᠡᠭᠡᠯᠢ ᠶᠢᠨ ᠠᠷᠤ ᠶᠢᠨ ᠵᠢᠵᠢᠭ | ᠭᠤᠳᠤᠮᠵᠢ ᠶᠢ ᠥᠭᠡᠷᠡᠴᠢᠯᠡᠨ ᠵᠠᠰᠠᠵᠤ᠂ ᠬᠤᠲᠠ ᠶᠢᠨ ᠵᠠᠮ ᠬᠠᠷᠢᠯᠴᠠᠭᠠᠨ ᠤ ᠲᠣᠣᠷ ᠤᠯᠠᠮ ᠨᠢᠭᠡ ᠠᠯᠬᠤᠮ ᠰᠠᠭᠠᠳ ᠦᠭᠡᠢ ᠪᠣᠯᠪᠠ᠃ 70 ᠬᠠᠷᠮᠠᠨ | ᠴᠡᠴᠡᠷᠯᠢᠭ᠂ 50 ᠺᠢᠯᠣᠮᠧᠲᠷ ᠤᠨ ᠨᠣᠭᠤᠭᠠᠨ ᠵᠠᠮ ᠢ ᠰᠢᠨ᠎ᠡ ᠪᠠᠷ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ 200 ᠭᠠᠷᠤᠢ ᠵᠡᠭᠡᠯᠢ ᠶᠢᠨ ᠥᠨᠴᠥᠭ ᠢ | ᠭᠤᠶᠣᠯᠠᠨ ᠴᠢᠮᠡᠵᠦ᠂ 5626 ᠪᠣᠳᠠ ᠮᠣᠳᠣ ᠶᠢ ᠰᠢᠨ᠎ᠡ ᠪᠠᠷ ᠳᠠᠷᠢᠵᠤ᠂ ᠨᠥᠬᠦᠵᠦ ᠳᠠᠷᠢᠵᠤ᠂ ᠴᠣᠩᠬᠤ ᠪᠠᠷ ᠢᠶᠠᠨ ᠨᠣᠭᠤᠭᠠᠨ ᠢ ᠬᠠᠷᠠᠵᠤ᠂ ᠡᠭᠦᠳᠡ ᠪᠠᠷ | ᠭᠠᠷᠤᠮᠠᠭᠴᠠ ᠦᠵᠡᠮᠵᠢ ᠶᠢ ᠰᠣᠨᠢᠷᠬᠠᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠠᠯᠬᠤᠮ ᠠᠯᠬᠤᠮ ᠢᠶᠠᠷ ᠪᠡᠶᠡᠯᠡᠭᠦᠯᠪᠡ᠃ ᠡᠨᠡ ᠵᠢᠯ 42 ᠬᠠᠭᠤᠴᠢᠨ | ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ᠂ 47 ︽ᠤᠰᠤ ᠢᠳᠡᠬᠦ ᠳᠤ ᠬᠦᠴᠢᠷ︾ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ | ᠪᠡᠶᠡᠯᠡᠭᠦᠯᠵᠦ᠂ ᠬᠤᠲᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ | ᠭᠤᠷᠪᠠ ᠳᠤ᠂ ᠬᠤᠲᠠ ᠬᠥᠳᠡᠭᠡ ᠶᠢᠨ ᠬᠠᠮᠢᠶᠠᠷᠤᠯᠲᠠ ᠤᠯᠠᠮ ᠨᠠᠷᠢᠯᠢᠭ ᠪᠣᠯᠪᠠ᠃ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠢ ᠦᠷᠭᠦᠯᠵᠢᠯᠡᠨ ᠠᠬᠢᠭᠤᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠠᠢ ᠮᠢᠨ ᠵᠡᠭᠡᠯᠢ᠂ ᠦᠵᠡᠰᠬᠦᠯᠡᠩ ᠤᠨ ᠣᠷᠳᠣᠨ ᠤ ᠵᠡᠭᠦᠨ ᠵᠠᠮ ᠤᠨ ᠬᠤᠶᠢᠲᠤ ᠬᠡᠰᠡᠭ ᠵᠡᠷᠭᠡ 8 ᠵᠠᠮ ᠤᠨ | ᠵᠡᠭᠡᠯᠢ ᠶᠢᠨ ᠦᠵᠡᠮᠵᠢ ᠶᠢ ᠴᠡᠭᠴᠡᠯᠡᠨ ᠵᠠᠰᠠᠵᠤ᠂ ᠵᠦᠩ ᠱᠠᠨ ᠵᠡᠭᠦᠨ ᠵᠠᠮ᠂ ᠰᠢᠯᠢ ᠶᠢᠨ ᠭᠤᠣᠯ ᠬᠤᠶᠢᠲᠤ ᠵᠠᠮ ᠵᠡᠷᠭᠡ 44 ᠵᠡᠭᠡᠯᠢ ᠶᠢᠨ ᠦᠵᠡᠮᠵᠢ ᠶᠢ | ᠭᠡᠷᠡᠯᠲᠦᠭᠦᠯᠵᠦ᠂ ᠨᠢᠭᠡ ᠵᠡᠭᠡᠯᠢ ᠨᠢᠭᠡ ᠦᠵᠡᠮᠵᠢ ᠶᠢᠨ ᠦᠷ᠎ᠡ ᠪᠦᠲᠦᠮᠵᠢ ᠠᠩᠬ᠎ᠠ ᠢᠯᠡᠷᠡᠪᠡ᠃ ᠬᠥᠬᠡᠬᠤᠲᠠ ᠥᠷᠲᠡᠭᠡ ᠶᠢᠨ ᠪᠣᠰᠤᠭ᠎ᠠ ᠴᠣᠭᠴᠠᠲᠤ ᠲᠡᠷᠭᠡᠨ | ᠵᠣᠭᠰᠣᠭᠠᠯ ᠢ ᠰᠢᠨ᠎ᠡ ᠪᠠᠷ ᠪᠠᠶᠢᠭᠤᠯᠵᠤ᠂ 55 ᠲᠡᠷᠭᠡᠨ ᠵᠣᠭᠰᠣᠭᠠᠯ ᠢ ᠰᠢᠨ᠎ᠡ ᠪᠠᠷ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠲᠡᠷᠭᠡ ᠵᠣᠭᠰᠣᠬᠤ | ᠵᠣᠭᠰᠣᠭᠠᠯ ᠢ 5991 ᠨᠡᠮᠡᠭᠳᠡᠭᠦᠯᠵᠦ᠂ 2100 ᠴᠠᠬᠢᠯᠭᠠᠨ ᠴᠡᠨᠡᠭᠯᠡᠬᠦ ᠪᠠᠭᠠᠨ᠎ᠠ ᠶᠢ ᠪᠣᠰᠬᠠᠵᠤ᠂ ᠲᠦᠷᠢᠶᠡᠰᠦᠯᠡᠬᠦ ᠪᠠ ᠪᠣᠷᠣᠯᠠᠭᠤᠯᠬᠤ ᠶᠢ ᠵᠡᠷᠭᠡ ᠪᠠᠷ | ᠴᠢᠬᠤᠯᠠᠴᠢᠯᠠᠭᠰᠠᠨ᠂ ᠴᠠᠭ ᠵᠥᠷᠢᠭᠦᠯᠦᠨ ᠬᠠᠮᠲᠤ ᠪᠠᠷ ᠡᠳ᠋ᠯᠡᠬᠦ ᠲᠡᠷᠭᠡᠨ ᠵᠣᠭᠰᠣᠭᠠᠯ ᠢ 1.8 ᠲᠦᠮᠡ ᠪᠣᠯᠭᠠᠪᠠ᠃ 17 ᠬᠤᠭ ᠨᠣᠪᠰᠢ ᠰᠢᠯᠵᠢᠭᠦᠯᠦᠨ | ᠲᠡᠭᠡᠭᠡᠪᠦᠷᠢᠯᠡᠬᠦ ᠥᠷᠲᠡᠭᠡ ᠶᠢ ᠨᠡᠶᠢᠳᠬᠡᠨ ᠲᠠᠰ ᠳᠡᠪᠰᠢᠭᠦᠯᠦᠨ ᠥᠭᠡᠷᠡᠴᠢᠯᠡᠵᠦ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠬᠤᠤᠷ | ᠥᠬᠡᠶᠢᠳᠡᠭᠦᠯᠦᠨ ᠰᠢᠢᠳᠪᠦᠷᠢᠯᠡᠬᠦ ᠨᠣᠷᠮ᠎ᠠ ᠶᠢ 100% ᠬᠦᠷᠭᠡᠪᠡ᠃ ᠲᠤᠰᠬᠠᠶᠢᠵᠢᠭᠰᠠᠨ ᠠᠳᠠᠯ ᠠᠬᠤᠶ ᠶᠢᠨ ᠬᠠᠮᠢᠶᠠᠷᠤᠯᠲᠠ ᠲᠠᠢ ᠬᠤᠷᠢᠶᠠᠯᠠᠯ 627 ᠬᠦᠷᠴᠦ᠂ | ᠬᠠᠮᠢᠶᠠᠷᠬᠤ ᠬᠥᠮᠦᠨ ᠥᠬᠡᠶ ᠬᠤᠷᠢᠶᠠᠯᠠᠯ ᠢ ᠠᠭᠠᠵᠢᠮ ᠢᠶᠠᠷ ᠦᠭᠡᠢ ᠪᠣᠯᠭᠠᠪᠠ᠃ ᠭᠤᠷᠪᠠᠨ ᠬᠡᠮᠵᠢᠯ ᠤᠨ ᠬᠤᠲᠠ ᠶᠢᠨ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠲᠠ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ | ᠬᠥᠲᠥᠯᠥᠭᠴᠢ᠄ | ᠰᠢᠨ᠎ᠡ ᠬᠤᠲᠠ ᠲᠣᠭᠤᠷᠢᠭ ᠤᠨ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠨᠢ ᠬᠡᠯᠪᠡᠷᠢ ᠪᠠᠨ ᠬᠤᠪᠢᠷᠠᠭᠤᠯᠬᠤ ᠱᠠᠲᠤᠨ ᠳᠤ ᠣᠷᠣᠰᠢᠵᠤ | ᠪᠠᠶᠢᠭᠰᠠᠭᠠᠷ᠂ ᠬᠤᠪᠢᠷᠠᠭᠤᠯᠬᠤ ᠣᠨᠣᠯᠵᠢᠬᠤᠨ ᠨᠢ ᠶᠠᠭᠤ ᠪᠤᠢ︖ ᠣᠳᠣᠬᠠᠨ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ᠹᠧᠩ ᠶᠦᠨ ᠹᠧᠩ᠄ | ᠣᠶᠢᠷ᠎ᠠ ᠶᠢᠨ ᠵᠢᠯ ᠤᠨ ᠲᠤᠷᠰᠢ᠂ ᠰᠢᠨ᠎ᠡ ᠬᠤᠲᠠ ᠲᠣᠭᠤᠷᠢᠭ ᠪᠦᠬᠦ ᠲᠣᠭᠤᠷᠢᠭ ᠤᠨ ᠬᠦᠴᠦᠨ ᠢᠶᠠᠷ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠠᠵᠤ ᠦᠢᠯᠡᠰ ᠤᠨ ᠪᠣᠬᠢᠷᠲᠤᠯ ᠦᠭᠡᠢ ᠪᠦᠲᠦᠴᠡ ᠳᠤ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠲᠦᠯᠬᠢᠨ ᠠᠬᠢᠭᠤᠯᠵᠤ᠂ | ᠲᠠᠷᠢᠶᠠᠯᠠᠩ ᠠᠭᠠᠵᠢᠮ ᠢᠶᠠᠷ ᠬᠤᠲᠠ ᠶᠢᠨ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ ᠵᠦᠭ ᠬᠤᠪᠢᠷᠠᠵᠤ᠂ ᠠᠵᠤ ᠦᠢᠯᠡᠳᠪᠦᠷᠢ ᠠᠭᠠᠵᠢᠮ ᠢᠶᠠᠷ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ᠂ ᠣᠳᠣ ᠦᠶ᠎ᠡ ᠶᠢᠨ ᠦᠢᠯᠡᠳᠬᠦ ᠦᠢᠯᠡᠰ ᠵᠦᠭ ᠬᠤᠪᠢᠷᠠᠵᠤ᠂ ᠦᠢᠯᠡᠴᠢᠯᠡᠭᠡᠨ ᠤ ᠦᠢᠯᠡᠰ ᠠᠭᠠᠵᠢᠮ ᠢᠶᠠᠷ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠵᠦᠭ ᠬᠤᠪᠢᠷᠠᠪᠠ᠃ ᠪᠣᠳᠠᠲᠠᠢ ᠪᠠᠷ᠄ | ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠰᠢᠨᠵᠢᠯᠡᠬᠦ ᠤᠬᠠᠭᠠᠨ | ᠮᠡᠷᠭᠡᠵᠢᠯ ᠤᠨ ᠬᠤᠲᠠ ᠨᠢ ︽1 + 3︾ ᠠᠵᠤ ᠦᠢᠯᠡᠰ ᠤᠨ ᠪᠠᠢᠷᠢᠯᠠᠭᠤᠯᠤᠯᠲᠠ ᠶᠢᠨ ᠲᠣᠭᠤᠷᠢᠨ ᠳᠤ᠂ ᠳᠡᠭᠡᠳᠦ ᠨᠠᠷᠢᠯᠢᠭ ᠰᠢᠯᠢᠳᠡᠭ ᠠᠵᠤ ᠦᠢᠯᠡᠰ ᠤᠨ | ᠰᠢᠨ᠎ᠡ ᠬᠥᠳᠡᠯᠭᠡᠬᠦ ᠬᠦᠴᠦᠨ ᠢ ᠭᠤᠣᠯᠳᠠᠯᠭ᠎ᠠ ᠲᠠᠢ ᠪᠣᠶᠢᠵᠢᠭᠤᠯᠵᠤ᠂ ᠣᠳᠣᠬᠠᠨ ᠳᠤ ᠬᠤᠸᠠ ᠸᠧᠢ ᠶᠢᠨ ᠥᠪᠥᠷ ᠮᠣᠩᠭᠤᠯ ᠣᠷᠣᠨ ᠪᠦᠰᠡ ᠶᠢᠨ ᠶᠡᠷᠦᠩᠬᠡᠢ | ᠬᠡᠯᠲᠡᠰ᠂ ᠰᠠᠨᠰᠠᠷ ᠤᠨ ᠠᠶᠠᠯᠠᠯ ᠤᠨ ᠵᠢᠷᠭᠤᠳᠤᠭᠠᠷ ᠬᠦᠷᠢᠶᠡᠯᠡᠩ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠴᠢᠯᠠᠭᠤᠨ | ᠲᠣᠰᠣᠨ ᠤ ᠬᠢᠮᠢ ᠶᠢᠨ ᠰᠢᠨ᠎ᠡ ᠡᠨᠧᠷᠭᠢ ᠶᠢᠨ ᠤᠮᠠᠷᠠᠲᠤ ᠶᠢᠨ ᠰᠤᠳᠤᠯᠬᠤ ᠲᠥᠪ ᠵᠡᠷᠭᠡ ᠪᠠᠷ ᠲᠥᠯᠦᠭᠡᠯᠡᠭᠦᠯᠦᠭᠰᠡᠨ ᠴᠢᠳᠠᠮᠵᠢ ᠶᠢᠨ ᠬᠡᠯᠪᠡᠷᠢ᠂ ᠣᠷᠣᠨ | ᠪᠦᠰᠡ ᠶᠢᠨ ᠬᠡᠯᠪᠡᠷᠢ ᠶᠢᠨ ᠶᠡᠷᠦᠩᠬᠡᠢ ᠬᠡᠯᠲᠡᠰ ᠵᠠᠯᠭᠠᠭ᠎ᠠ ᠪᠠᠷ ᠠᠰᠢᠭᠯᠠᠯᠲᠠ ᠳᠤ ᠣᠷᠣᠪᠠ᠃ ᠮᠠᠰᠢᠨ ᠲᠡᠷᠭᠡᠨ ᠤ ᠵᠡᠭᠦᠨ ᠥᠷᠲᠡᠭᠡ ᠶᠢᠨ ᠡᠮᠦᠨ᠎ᠡ ᠲᠠᠯᠠᠪᠠᠢ ᠵᠡᠷᠭᠡ | 30 ᠲᠦᠮᠡᠨ ᠲᠡᠭᠰᠢ ᠳᠥᠷᠪᠡᠯᠵᠢᠨ ᠮᠧᠲᠷ ᠰᠤᠯᠠ ᠠᠰᠠᠷ ᠢ ᠠᠮᠢᠯᠠᠭᠤᠯᠵᠤ᠂ ᠮᠧᠩ ᠨᠢᠦ ᠰᠦ ᠶᠢᠨ ᠠᠵᠤ ᠦᠢᠯᠡᠰ ᠤᠨ ᠬᠡᠯᠬᠢᠶ᠎ᠡ ᠶᠢᠨ ᠲᠣᠮᠣ ᠠᠰᠠᠷ᠂ | ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠪᠡᠭᠡᠵᠢᠩ ᠤᠨ ᠱᠢ ᠹᠧᠩ ᠰᠢᠨᠵᠢᠯᠡᠬᠦ ᠤᠬᠠᠭᠠᠨ | ᠮᠡᠷᠭᠡᠵᠢᠯ᠂ ᠤᠯᠤᠰ ᠤᠨ ᠬᠤᠯᠪᠣᠭᠠᠨ ᠤ ᠬᠤᠪᠢ ᠣᠷᠣᠭᠤᠯᠤᠭᠰᠠᠨ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠲᠦᠷᠭᠡᠨ ᠲᠥᠪᠯᠡᠷᠡᠭᠦᠯᠪᠡ᠃ | ︽ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠲᠠᠢ ᠰᠢᠨ᠎ᠡ ᠬᠤᠲᠠ︾ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ | ᠵᠧᠵᠢᠶᠠᠩ ᠤᠨ ᠴᠢᠩᠬᠤᠸᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠰᠤᠳᠤᠯᠭᠠᠨ ᠤ ᠬᠦᠷᠢᠶᠡᠯᠡᠩ ᠤᠨ ᠥᠪᠥᠷ ᠮᠣᠩᠭᠤᠯ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠰᠤᠳᠤᠯᠭᠠᠨ ᠤ ᠲᠥᠪ ᠪᠠ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠤᠳᠤᠮᠯᠠᠯ ᠤᠨ ᠡᠳ᠋ ᠤᠨ | ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠢ ᠪᠠᠶᠢᠭᠤᠯᠪᠠ᠃ ᠬᠦᠴᠦᠨ ᠲᠠᠢ ᠡᠭᠦᠳᠦᠯᠲᠡ ᠶᠢᠨ ᠲᠤᠰᠬᠠᠢ ᠠᠰᠢᠭ ᠤᠨ ᠶᠡᠷᠦᠩᠬᠡᠢ ᠲᠤᠭ᠎ᠠ ᠨᠡᠶᠢᠲᠡ 896 | ᠬᠦᠷᠴᠦ᠂ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠪᠦᠲᠦᠭᠰᠡᠨ ᠪᠦᠬᠦ ᠲᠤᠭ᠎ᠠ 1.6 ᠳ᠋ᠦᠩᠰᠢᠭᠤᠷ ᠲᠦᠭᠦᠷᠢᠭ ᠬᠦᠷᠪᠡ᠃ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 29᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 36᠂ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 10 ᠶᠢ ᠦᠨᠡᠯᠡᠨ ᠲᠣᠭᠲᠠᠭᠠᠪᠠ᠃ ᠰᠢᠨᠵᠢᠯᠡᠬᠦ ᠤᠬᠠᠭᠠᠨ | ᠮᠡᠷᠭᠡᠵᠢᠯ ᠤᠨ ᠬᠤᠲᠠ ᠳᠤ ᠣᠷᠣᠵᠤ ᠰᠠᠭᠤᠭᠰᠠᠨ ᠠᠵᠤ ᠠᠬᠤᠶᠢᠯᠠᠯ 313 ᠪᠣᠯᠵᠣ᠂ ᠡᠵᠡᠩᠨᠡᠯᠲᠡ ᠶᠢᠨ ᠣᠷᠣᠯᠭ᠎ᠠ 38 ᠳ᠋ᠦᠩᠰᠢᠭᠤᠷ ᠲᠥᠭᠦᠷᠢᠭ ᠬᠦᠷᠴᠦ᠂ | ᠶᠡᠷᠦᠩᠬᠡᠶ ᠬᠡᠯᠲᠡᠰ ᠤᠨ ᠠᠵᠤ ᠠᠬᠤᠶ ᠪᠠ ᠲᠣᠭᠠᠴᠢᠯᠠᠭᠰᠠᠨ ᠠᠵᠤ ᠦᠢᠯᠡᠰ ᠨᠢ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠦᠷ | ᠪᠣᠯᠤᠭᠰᠠᠨ ᠪᠠᠶᠢᠨ᠎ᠠ᠃ | ︵ᠬᠤᠶᠠᠷ︶ ᠣᠨᠴᠠᠯᠢᠭᠲᠤ ᠲᠠᠷᠢᠶᠠᠯᠠᠩ ᠤᠨ ᠶᠠᠰᠤ ᠴᠢᠨᠠᠷ ᠳᠡᠭᠡᠭᠰᠢᠯᠡᠨ ᠦᠷ᠎ᠡ ᠠᠰᠢᠭ ᠨᠡᠮᠡᠭᠳᠡᠪᠡ᠃ ᠳᠠᠪᠠᠭᠤᠯᠢᠭ ᠣᠨᠴᠠᠯᠢᠭᠲᠤ ᠠᠮᠢ ᠠᠬᠤᠶ ᠶᠢᠨ | ᠲᠠᠷᠢᠶᠠᠯᠠᠩ ᠢ ᠴᠢᠬᠤᠯᠠᠴᠢᠯᠠᠵᠤ᠂ ᠳᠠᠪᠠᠭᠤᠯᠢᠭ ᠠᠵᠤ ᠦᠢᠯᠡᠰ ᠢ ᠲᠠᠰᠤᠷᠠᠯᠲᠠ ᠦᠭᠡᠢ ᠥᠷᠭᠡᠳᠬᠡᠪᠡ᠃ ᠵᠣᠬᠢᠶᠠᠨ ᠪᠠᠶᠢᠭᠤᠯᠵᠤ ᠬᠥᠲᠥᠯᠥᠨ ᠳᠠᠭᠠᠭᠤᠯᠬᠤ᠂ | ᠮᠡᠷᠭᠡᠵᠢᠯ ᠤᠨ ᠦᠢᠯᠡᠴᠢᠯᠡᠭᠡ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠᠷ ᠭᠤᠣᠯ ᠭᠠᠷᠳᠠᠴᠠ ᠪᠣᠯᠭᠠᠵᠤ᠂ ᠰᠢᠨ᠎ᠡ ᠬᠤᠳᠠ ᠲᠣᠭᠤᠷᠢᠭ ᠤᠨ ᠠᠮᠢ ᠠᠬᠤᠶ ᠶᠢᠨ | ᠲᠠᠷᠢᠶᠠᠯᠠᠩ ᠳᠤ ︽ᠦᠢᠯᠡᠳᠪᠦᠷᠢᠯᠡᠯ ᠤᠨ ᠡᠮᠦᠨ᠎ᠡ + ᠦᠢᠯᠡᠳᠪᠦᠷᠢᠯᠡᠯ ᠤᠨ ᠳᠤᠮᠳᠠ + ᠦᠢᠯᠡᠳᠪᠦᠷᠢᠯᠡᠯ ᠤᠨ ᠳᠠᠷᠠᠭᠠᠬᠢ︾ ᠪᠦᠬᠦ ᠬᠡᠯᠬᠢᠶᠡᠨ ᠤ ᠦᠢᠯᠡᠴᠢᠯᠡᠭᠡ | ᠬᠠᠩᠭᠠᠪᠠ᠃ ᠡᠷᠳᠡᠨᠢ ᠰᠢᠰᠢ᠂ ᠭᠦᠵᠡᠯᠵᠡᠭᠡᠨ᠎ᠡ᠂ ᠢᠩᠲᠤᠤᠷ᠂ ᠬᠤᠨᠢᠨ ᠤ ᠭᠡᠳᠡᠰᠦᠨ ᠪᠠᠺᠲ᠋ᠧᠷᠢ ᠵᠡᠷᠭᠡ ᠡᠯ᠎ᠡ ᠵᠦᠢᠯ ᠤᠨ ᠨᠣᠭᠤᠭ᠎ᠠ ᠵᠢᠮᠢᠰ ᠬᠤᠸᠠᠷ ᠴᠡᠴᠡᠭ ᠢ | ᠶᠡᠬᠡᠪᠡᠷ ᠪᠤᠶᠢᠵᠢᠭᠤᠯᠵᠤ᠂ ︽1+N︾ ᠠᠵᠢᠯ ᠤᠨ ᠵᠠᠭᠪᠤᠷ ᠢ ᠬᠡᠷᠡᠭᠵᠢᠭᠦᠯᠪᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠵᠢᠷᠤᠮ | ᠲᠠᠢ ᠲᠠᠷᠢᠬᠤ᠂ ᠪᠣᠬᠢᠷᠲᠤᠯ ᠥᠬᠡᠶ ᠲᠠᠷᠢᠬᠤ ᠶᠢ ᠵᠢᠯᠣᠭᠤᠳᠪᠠ᠃ ᠠᠮᠢ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠰᠢᠢᠳᠪᠦᠷᠢᠯᠡᠬᠦ ᠲᠥᠪ ᠢ ᠪᠦᠬᠦ ᠲᠠᠯ᠎ᠠ ᠪᠠᠷ ᠲᠡᠰ ᠳᠡᠪᠰᠢᠭᠦᠯᠵᠦ᠂ ᠲᠠᠷᠢᠮᠠᠯ ᠤᠨ | ᠬᠦᠷᠢᠶᠡᠯᠡᠩ ᠤᠨ ᠭᠠᠷᠤᠯᠲᠠ ᠪᠠᠨ ᠨᠡᠮᠡᠭᠳᠡᠭᠦᠯᠦᠨ ᠬᠡᠪᠴᠢᠶ᠎ᠡ ᠪᠠᠨ ᠥᠷᠭᠡᠳᠬᠡᠵᠦ᠂ ︽ᠨᠢᠭᠡ ᠲᠣᠰᠬᠤᠨ ᠨᠢᠭᠡ ᠪᠦᠲᠦᠭᠡᠭᠳᠡᠬᠦᠨ ᠨᠢᠭᠡ ᠦᠢᠯᠡᠰ︾ ᠤᠨ ᠠᠵᠤ | ᠦᠢᠯᠡᠰ ᠤᠨ ᠪᠠᠶᠢᠷᠢᠰᠢᠯ ᠢ ᠤᠯᠠᠨ ᠲᠠᠯ᠎ᠠ ᠪᠠᠷ ᠬᠥᠭᠵᠢᠭᠦᠯᠵᠦ᠂ ︽ᠨᠡᠷᠡᠳᠦ ᠣᠨᠴᠠ ᠰᠢᠯᠢᠳᠡᠭ ᠰᠢᠨ᠎ᠡ︾᠂ ᠪᠣᠬᠢᠷᠲᠤᠯ ᠦᠭᠡᠢ ᠲᠠᠷᠢᠶᠠᠯᠠᠩ ᠤᠨ | ᠪᠦᠲᠦᠭᠡᠭᠳᠡᠬᠦᠨ ᠤ ᠭᠡᠷᠡᠴᠢᠯᠡᠯ ᠬᠢᠵᠦ᠂ ᠠᠮᠢ ᠠᠬᠤᠢ ᠶᠢᠨ ᠲᠠᠷᠢᠶᠠᠯᠠᠩ ᠤᠨ ᠠᠵᠤ ᠦᠢᠯᠡᠰ ᠤᠨ ᠳᠠᠪᠠᠭᠤᠯᠢᠭ ᠢ ᠥᠷᠭᠡᠳᠬᠡᠪᠡ᠃ | ︵ᠭᠤᠷᠪᠠ︶ ᠲᠠᠷᠢᠶᠠᠯᠠᠩ ᠰᠣᠶᠣᠯ ᠵᠢᠭᠤᠯᠴᠢᠯᠠᠯ ᠤᠨ ᠣᠯᠠᠨ ᠡᠵᠡᠩᠨᠡᠯᠲᠡ ᠶᠢᠨ ᠬᠡᠯᠪᠡᠷᠢ ᠪᠠᠢᠳᠠᠯ ᠠᠭᠤᠰᠤᠯᠴᠠᠨ ᠬᠥᠭᠵᠢᠪᠡ᠃ ᠮᠧᠩ ᠼᠤᠤ ᠡᠪᠡᠰᠦᠨ | ᠦᠷ᠎ᠡ ᠶᠢᠨ ᠴᠡᠩᠭᠡᠯ ᠤᠨ ᠬᠦᠷᠢᠶᠡᠯᠡᠩ ᠢ ᠪᠠᠢᠭᠤᠯᠤᠨ ᠠᠰᠢᠭᠯᠠᠯᠲᠠ ᠳᠤ ᠣᠷᠣᠭᠤᠯᠵᠤ᠂ ᠱᠧᠩ ᠱᠦᠢ ᠯᠢᠶᠠᠩ ᠵᠢᠦ ᠯᠦᠩ ᠸᠠᠨ ᠢ ᠨᠢᠭᠡ ᠴᠣᠭᠴᠠᠵᠢᠭᠤᠯᠤᠨ | ᠡᠵᠡᠩᠨᠡᠪᠡ᠃ ᠣᠪᠣᠭ᠎ᠠ ᠰᠣᠶᠣᠯ ᠵᠢᠭᠤᠯᠴᠢᠯᠠᠯ ᠤᠨ ᠣᠷᠣᠨ᠂ ᠤᠰᠤᠨ ᠲᠡᠭᠡᠷᠡᠮ᠎ᠡ ᠲᠠᠮᠢᠷ ᠤᠨ ᠬᠥᠳᠡᠯᠭᠡᠭᠡᠨ ᠰᠡᠯᠡᠭᠦᠴᠡᠯ ᠤᠨ ᠵᠢᠵᠢᠭ ᠪᠠᠯᠭᠠᠰᠤ ᠵᠡᠷᠭᠡ ᠬᠥᠳᠡᠭᠡ | ᠲᠣᠰᠬᠤᠨ ᠤ ᠵᠢᠭᠤᠯᠴᠢᠯᠠᠯ ᠤᠨ ᠭᠠᠵᠠᠷ ᠢ ᠣᠯᠠᠨ ᠨᠡᠭᠡᠭᠡᠵᠦ᠂ ᠳᠠᠯᠠᠨ ᠬᠠᠷ᠎ᠠ ᠠᠭᠤᠯᠠ ᠶᠢᠨ ᠤᠯᠤᠰ ᠤᠨ ᠠᠭᠤᠯᠠ ᠠᠪᠠᠷᠢᠵᠤ ᠪᠡᠶ᠎ᠡ ᠴᠢᠭᠢᠷᠠᠭᠵᠢᠭᠤᠯᠬᠤ | ᠶᠠᠪᠠᠭᠠᠨ ᠵᠠᠮ ᠨᠢ ︽ ᠠᠭᠤᠯᠠᠨ ᠳᠤ ᠭᠠᠷᠴᠤ ᠨᠠᠷᠠ ᠬᠠᠷᠠᠬᠤ︾ ᠰᠦᠯᠵᠢᠶᠡᠨ ᠤ ᠰᠣᠳᠣᠨ ᠭᠠᠵᠠᠷ ᠪᠣᠯᠵᠤ᠂ ᠰᠡᠯᠡᠭᠦᠴᠡᠯ ᠬᠡᠭᠡᠷ᠎ᠡ ᠪᠠᠭᠤᠳᠠᠯᠯᠠᠬᠤ ᠭᠠᠵᠠᠷ | ᠵᠠᠯᠭᠠᠭ᠎ᠠ ᠪᠠᠷ ᠠᠵᠢᠯᠯᠠᠵᠤ᠂ ᠠᠶᠢᠯ ᠪᠠᠭᠤᠴᠠ ᠶᠢᠨ ᠠᠵᠤ ᠠᠬᠤᠶ᠂ ᠮᠠᠶᠢᠬᠠᠨ ᠵᠡᠷᠭᠡ ᠨᠢ ᠬᠤᠲᠠ ᠶᠢᠨ ᠠᠷᠠᠳ ᠤᠨ ᠪᠠᠶᠢᠭᠠᠯᠢ ᠲᠠᠢ ᠣᠶᠢᠷᠠᠲᠤᠬᠤ ᠰᠢᠨ᠎ᠡ | ᠤᠷᠤᠰᠬᠠᠯ ᠪᠣᠯᠤᠭᠰᠠᠨ ᠪᠠᠶᠢᠨ᠎ᠠ᠃ ︽ᠪᠤᠭᠤᠷᠤᠯ ᠲᠡᠦᠬᠡ ᠶᠢᠨ ᠬᠥᠯᠥᠭ ᠤᠨ ᠮᠠᠭᠲᠠᠭᠠᠯ︾ ︽ᠲᠠᠯ᠎ᠠ ᠨᠤᠲᠤᠭ ᠲᠤ ᠲᠠᠬᠢᠨ ᠵᠣᠯᠭᠠᠶ᠎ᠠ︾ ᠵᠡᠷᠭᠡ ᠰᠣᠳᠣᠨ | ᠲᠣᠭᠯᠠᠯᠲᠠ ᠨᠢ ᠬᠥᠮᠥᠰ ᠤᠨ ᠪᠠᠬ᠎ᠠ ᠶᠢ ᠲᠠᠲᠠᠵᠤ᠂ ︽ᠴᠡᠯᠡᠭᠡᠷ ᠲᠠᠯ᠎ᠠ︾ ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠢᠷᠠᠭᠤ ᠠᠯᠳᠠᠷ ᠤᠨ ᠬᠡᠮᠵᠢᠶ᠎ᠡ | ᠡᠳᠦᠷ ᠢᠷᠡᠬᠦᠶ᠎ᠡ ᠳᠡᠭᠡᠭᠰᠢᠯᠡᠪᠡ᠃ ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ 5 ᠳ᠋ᠤᠭᠠᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ᠂ | ᠳᠠᠭᠤᠨ ᠤ ᠲᠣᠭᠯᠠᠯᠲᠠ ᠪᠠᠷ 300 ᠲᠦᠮᠡ ᠰᠢᠬᠠᠮ ᠬᠥᠮᠦᠨ ᠤᠳᠠᠭ᠎ᠠ ᠬᠥᠬᠡᠬᠤᠲᠠ ᠳᠤ ᠵᠢᠭᠤᠯᠴᠢᠯᠠᠵᠤ᠂ ᠵᠢᠭᠤᠯᠴᠢᠯᠠᠯ ᠤᠨ ᠣᠷᠣᠯᠭ᠎ᠠ ᠶᠢ 23.08 | ᠳ᠋ᠦᠩᠰᠢᠭᠤᠷ ᠲᠥᠭᠦᠷᠢᠭ ᠳᠠᠶᠢᠴᠢᠯᠠᠪᠠ᠃ ᠣᠪᠣᠭ᠎ᠠ ᠲᠣᠰᠬᠤᠨ ᠭᠤᠷᠪᠠᠳᠤᠭᠠᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ | ᠬᠡᠷᠡᠭᠯᠡᠭᠡ ᠲᠥᠪᠯᠡᠷᠡᠭᠰᠡᠨ ᠣᠷᠣᠨ ᠢᠶᠠᠷ ᠰᠣᠩᠭᠤᠭᠳᠠᠵᠤ᠂ ᠰᠢᠨ᠎ᠡ ᠬᠤᠲᠠ ᠲᠣᠭᠤᠷᠢᠭ ᠨᠢ ᠤᠯᠤᠰ ᠤᠨ ᠰᠣᠶᠣᠯ ᠤᠨ ᠠᠵᠤ ᠦᠢᠯᠡᠰ ᠪᠠ ᠵᠢᠭᠤᠯᠴᠢᠯᠠᠯ ᠤᠨ | ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠳᠤ ᠰᠣᠩᠭᠤᠭᠳᠠᠪᠠ᠃ | ᠬᠠᠮᠢᠶᠠᠷᠤᠭᠴᠢ᠄ | ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ ᠹᠧᠩ ᠶᠦᠨ | ᠹᠧᠩ ᠲᠤ ᠲᠠᠯᠠᠷᠬᠠᠯ᠎ᠠ᠂ ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠂ ᠪᠠᠶᠠᠷᠲᠠᠢ᠃ | | |