︵ᠰᠤᠷᠪᠤᠯᠵᠢᠯᠠᠭᠴᠢ ᠶᠠᠩ ᠼᠠᠢ ᠰᠢᠶᠠ︶ 11 ᠳ᠋ᠦ᠋ᠭᠡᠷ ᠰᠠᠷ᠎ᠠ ᠶᠢᠨ 18 ᠠᠴᠠ 19 ᠤ ᠡᠳᠦᠷ᠂ ᠳᠤᠮᠳᠠᠳᠤ ᠤᠯᠤᠰ ᠤᠨ ᠤᠯᠠᠨ ᠤᠯᠤᠰ ᠤᠨ ᠨᠥᠬᠦᠷᠰᠡᠭ ᠬᠤᠳᠠ ᠶᠢᠨ | ᠶᠡᠭᠡ ᠬᠤᠷᠠᠯ ᠶᠦᠨᠨᠠᠨ ᠮᠤᠵᠢ ᠶᠢᠨ ᠺᠦᠨᠮᠢᠩ ᠬᠤᠳᠠ ᠳᠤ ᠬᠤᠷᠠᠯᠳᠤᠵᠤ᠂ ᠶᠡᠭᠡ ᠬᠤᠷᠠᠯ ᠠᠴᠠ ᠤᠯᠠᠨ ᠤᠯᠤᠰ ᠤᠨ ᠨᠥᠬᠦᠷᠰᠡᠭ ᠬᠤᠳᠠ ᠶᠢᠨ ᠠᠵᠢᠯ ᠢ ᠭᠢᠯᠠᠷᠠᠭᠤᠯᠤᠮᠠ | ᠥᠷᠨᠢᠭᠦᠯᠦᠭᠰᠡᠨ ᠮᠤᠵᠢ ᠬᠤᠳᠠ ᠶᠢ ᠬᠥᠬᠢᠭᠦᠯᠦᠨ ᠰᠠᠶᠢᠰᠢᠶᠠᠪᠠ᠃ ᠬᠥᠬᠡᠬᠤᠲᠠ ︽ᠣᠯᠠᠨ ᠤᠯᠤᠰ ᠤᠨ ᠨᠥᠬᠦᠷᠰᠡᠭ ᠬᠤᠲᠠ ᠶᠢᠨ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ | ᠱᠠᠩᠨᠠᠯ︾ ᠢ ᠬᠦᠷᠲᠡᠵᠡᠢ᠂ ᠲᠣᠰ ᠱᠠᠩᠨᠠᠯ ᠨᠢ ᠣᠯᠠᠨ ᠤᠯᠤᠰ ᠤᠨ ᠨᠥᠬᠦᠷᠰᠡᠭ ᠬᠤᠲᠠ ᠶᠢᠨ ᠠᠵᠢᠯ ᠤᠨ ᠬᠠᠮᠤᠭ ᠤᠨ ᠳᠡᠭᠡᠳᠦ ᠱᠠᠩᠨᠠᠯ ᠪᠣᠯᠣᠨ᠎ᠠ᠂ ᠪᠥᠬᠦ ᠤᠯᠤᠰ ᠲᠤ ᠨᠡᠶᠢᠲᠡ | 10 ᠬᠤᠲᠠ ᠲᠤᠰ ᠱᠠᠩᠨᠠᠯ ᠢ ᠬᠦᠷᠲᠡᠪᠡ᠃ ᠲᠣᠰ ᠤᠳᠠᠭᠠᠨ ᠤ ᠱᠠᠩᠨᠠᠯ ᠨᠢ ᠬᠥᠬᠡᠬᠤᠲᠠ ᠶᠢᠨ ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭ᠎ᠠ ᠳᠤ ᠦᠵᠡᠭᠦᠯᠦᠭᠰᠡᠨ ᠬᠤᠪᠢ | ᠨᠡᠮᠡᠷᠢ ᠶᠢ ᠭᠦᠢᠴᠡᠳ ᠨᠤᠲᠠᠯᠠᠭᠰᠠᠨ ᠶᠠᠪᠤᠳᠠᠯ ᠪᠣᠯᠤᠨ᠎ᠠ᠃ | 1987 ᠣᠨ ᠠᠴᠠ ᠣᠲᠣ ᠪᠣᠯᠲᠠᠯ᠎ᠠ᠂ ᠬᠥᠬᠡᠬᠤᠲᠠ ᠨᠢᠭᠡᠨᠲᠡ ᠶᠠᠫᠣᠨ ᠤ ᠭᠠᠩᠴᠢ ᠬᠤᠲᠠ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ᠂ ᠠᠮᠧᠷᠢᠺᠠ ᠶᠢᠨ ᠯᠤᠰ | ᠠᠩᠵᠧᠯᠧᠰ ᠵᠢᠶᠦ᠋ᠨ ᠵᠡᠷᠭᠡ ᠭᠠᠳᠠᠭᠠᠳᠤ ᠶᠢᠨ 8 ᠬᠤᠲᠠ ᠯᠤᠭ᠎ᠠ ᠨᠥᠬᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠤᠭᠰᠠᠨ ᠪᠦᠭᠡᠳ 20 ᠭᠠᠷᠤᠶ ᠭᠠᠳᠠᠭᠠᠳᠤ ᠶᠢᠨ ᠬᠤᠲᠠ ᠲᠠᠢ | ᠲᠣᠭᠲᠠᠭᠤᠨ ᠰᠣᠯᠢᠯᠴᠠᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠳᠤ᠂ ᠬᠥᠬᠡᠬᠤᠲᠠ ᠭᠠᠳᠠᠭᠠᠳᠤ ᠬᠠᠷᠢᠯᠴᠠᠭᠠᠨ ᠳᠤ ᠰᠢᠭᠤᠷᠬᠠᠶ ᠤᠷᠤᠭᠰᠢᠯᠠᠨ᠂ ᠴᠢᠳᠠᠮᠠᠭᠠᠶ ᠬᠢᠵᠦ ᠴᠢᠳᠠᠮᠠᠭᠠᠶ ᠪᠦᠲᠦᠭᠡᠵᠦ᠂ ᠨᠥᠬᠦᠷᠰᠡᠭ ᠬᠤᠲᠠ ᠶᠢᠨ | ᠪᠠᠶᠢᠷᠢᠰᠢᠭᠤᠯᠤᠯᠲᠠ ᠦᠷᠭᠦᠯᠵᠢᠯᠡᠨ ᠰᠢᠯᠢᠳᠡᠭᠵᠢᠵᠦ᠂ ᠰᠣᠯᠢᠯᠴᠠᠭᠠᠨ ᠤ ᠠᠷᠭ᠎ᠠ ᠵᠠᠮ ᠪᠥᠬᠦ ᠲᠠᠯ᠎ᠠ ᠪᠠᠷ ᠥᠷᠭᠡᠳᠴᠦ᠂ ᠬᠠᠮᠲᠤᠷᠠᠯᠴᠠᠭᠠᠨ ᠤ ᠲᠠᠪᠴᠠᠩ ᠲᠠᠰᠤᠷᠠᠯᠲᠠ ᠥᠬᠡᠶ | ᠳᠡᠭᠡᠭᠰᠢᠯᠡᠵᠦ᠂ ᠤᠯᠤᠰ ᠤᠨ ᠶᠡᠷᠦᠩᠬᠡᠶ ᠭᠠᠳᠠᠭᠠᠳᠤ ᠬᠠᠷᠢᠯᠴᠠᠭ᠎ᠠ ᠪᠠ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠨ ᠢᠳᠡᠪᠬᠢᠲᠡᠶ ᠦᠷ᠎ᠡ | ᠪᠦᠲᠦᠮᠵᠢ ᠤᠯᠪᠠ᠃ | ᠬᠥᠬᠡᠬᠤᠲᠠ ᠨᠥᠬᠦᠷᠰᠡᠭ ᠬᠤᠲᠠ ᠶᠢᠨ ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠤᠯᠤᠰ ᠤᠨ | ᠨᠥᠬᠦᠷᠰᠡᠭ ᠬᠤᠳᠠ ᠯᠤᠭ᠎ᠠ ᠭᠤᠣᠯᠳᠠᠯᠭ᠎ᠠ ᠲᠠᠢ ᠰᠣᠯᠢᠯᠴᠠᠭᠠᠨ ᠤ ᠠᠵᠢᠯᠯᠠᠭ᠎ᠠ ᠵᠠᠭᠤ ᠭᠠᠷᠤᠢ ᠤᠳᠠᠭ᠎ᠠ ᠥᠷᠨᠢᠭᠦᠯᠵᠦ᠂ ᠨᠥᠬᠦᠷᠰᠡᠭ ᠬᠤᠳᠠ ᠶᠢᠨ ᠬᠤᠭᠤᠷᠣᠨᠳᠣᠬᠢ ᠵᠠᠰᠠᠭ ᠤᠨ | ᠣᠷᠳᠣᠨ ᠤ ᠬᠠᠷᠢᠯᠴᠠᠨ ᠠᠶᠢᠯᠴᠢᠯᠠᠬᠤ ᠪᠦᠯᠬᠦᠮ ᠮᠢᠩᠭ᠎ᠠ ᠭᠠᠷᠤᠢ ᠬᠥᠮᠦᠨ ᠤᠳᠠᠭ᠎ᠠ ᠳᠤ ᠬᠦᠷᠴᠦ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠬᠦᠷᠢᠶᠡᠨ ᠤ | ᠨᠥᠬᠦᠷᠰᠡᠭ ᠬᠠᠮᠲᠤᠷᠠᠯᠴᠠᠭᠠᠨ ᠤ ᠰᠠᠨᠠᠮᠵᠢ ᠪᠢᠴᠢᠭ᠂ ᠬᠡᠯᠡᠯᠴᠡᠭᠡᠷ ᠪᠢᠴᠢᠭ 50 ᠭᠠᠷᠤᠢ ᠬᠤᠪᠢ ᠲᠣᠭᠲᠠᠭᠰᠠᠨ ᠪᠦᠭᠡᠳ ᠲᠤᠮᠤ ᠬᠡᠯᠪᠡᠷᠢ ᠶᠢᠨ ᠤᠯᠠᠨ ᠤᠯᠤᠰ ᠤᠨ ᠦᠵᠡᠰᠬᠦᠯᠡᠩ | ᠵᠢᠴᠢ ᠶᠠᠷᠢᠶᠠᠨ ᠤ ᠲᠠᠪᠴᠠᠩ ᠵᠡᠷᠭᠡ ᠠᠵᠢᠯᠯᠠᠭᠠᠨ ᠳᠤ ᠭᠠᠷ ᠤᠨ ᠦᠰᠦᠭ ᠵᠢᠷᠤᠵᠤ᠂ ᠤᠯᠠᠨ ᠤᠯᠤᠰ ᠤᠨ ᠨᠥᠬᠦᠷᠰᠡᠭ ᠬᠤᠳᠠ ᠶᠢᠨ ᠠᠵᠤ ᠠᠬᠤᠢ ᠠᠷᠠᠯᠵᠢᠶ᠎ᠠ᠂ ᠰᠣᠶᠣᠯ | ᠵᠢᠭᠤᠯᠴᠢᠯᠠᠯ᠂ ᠡᠮ ᠡᠮᠨᠡᠯᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ ᠨᠥᠬᠦᠷᠰᠡᠭ | ᠬᠤᠳᠠ ᠶᠢᠨ ᠰᠣᠯᠢᠯᠴᠠᠭᠠᠨ ᠤ ᠲᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠨᠥᠬᠦᠷᠰᠡᠭ ᠬᠤᠳᠠ ᠶᠢᠨ ᠶᠠᠪᠤᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃ | ᠤᠯᠠᠨ ᠵᠢᠯ ᠤᠨ ᠲᠤᠷᠰᠢ᠂ ᠬᠥᠬᠡᠬᠤᠲᠠ ᠪᠣᠯᠤᠨ ᠡᠯ᠎ᠡ ᠨᠥᠬᠦᠷᠰᠡᠭ ᠬᠤᠳᠠ ᠶᠢᠨ ᠬᠢᠨ ᠰᠣᠶᠣᠯ ᠢᠷᠭᠡᠨᠰᠢᠯ ᠤᠨ ᠬᠦᠷᠢᠶᠡᠨ ᠤ ᠨᠥᠬᠦᠷᠰᠡᠭ ᠰᠣᠯᠢᠯᠴᠠᠭ᠎ᠠ ᠶᠢ ᠢᠳᠡᠪᠬᠢᠲᠡᠢ | ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠵᠠᠯᠠᠭᠤᠴᠤᠳ ᠪᠠᠭᠠᠴᠤᠳ ᠢ ᠬᠠᠷᠢᠯᠴᠠᠨ ᠲᠣᠮᠢᠯᠠᠵᠤ ᠨᠥᠬᠦᠷᠰᠡᠭ ᠰᠣᠯᠢᠯᠴᠠᠭ᠎ᠠ ᠬᠢᠬᠦ ᠪᠦᠯᠬᠦᠮ ᠳᠤᠭᠤᠶᠢᠯᠠᠩ ᠨᠢ | ᠵᠠᠭᠤ ᠰᠢᠬᠠᠮ ᠪᠦᠯᠦᠭ ᠮᠢᠩᠭ᠎ᠠ ᠭᠠᠷᠤᠶ ᠬᠥᠮᠦᠨ ᠤᠳᠠᠭ᠎ᠠ ᠬᠦᠷᠴᠦ ᠂ ︽ᠬᠥᠬᠡᠬᠤᠲᠠ ᠶᠢᠨ ᠣᠯᠠᠨ ᠤᠯᠤᠰ ᠤᠨ ᠵᠠᠯᠠᠭᠤᠴᠤᠳ ᠪᠠᠭᠠᠴᠤᠳ ᠤᠨ ᠨᠥᠬᠦᠷᠰᠡᠭ ᠬᠠᠷᠢᠯᠴᠠᠭ᠎ᠠ︾ ᠶᠢᠨ | ᠨᠡᠷᠡᠲᠦ ᠲᠡᠮᠳᠡᠭ ᠢ ᠡᠭᠦᠳᠴᠦ᠂ ᠨᠥᠬᠦᠷᠰᠡᠭ ᠬᠤᠲᠠ ᠶᠢᠨ ᠵᠠᠯᠠᠭᠤᠴᠤᠳ ᠪᠠᠭᠠᠴᠤᠳ ᠢ ᠬᠦᠬᠡᠬᠤᠲᠠ ᠳᠤ ᠤᠷᠢᠵᠤ ᠡᠯ᠎ᠡ ᠭᠠᠵᠠᠷ ᠤᠨ ᠬᠡᠦᠬᠡᠳ ᠪᠠᠭᠠᠴᠤᠳ ᠬᠠᠷᠢᠯᠴᠠᠨ ᠲᠠᠨᠢᠯᠴᠠᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠭᠠᠵᠤ᠂ ᠣᠷᠣᠨ ᠤ ᠲᠥᠪ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠷᠡᠪᠡ᠃ ᠮᠠᠨ ᠤ | ᠬᠤᠲᠠ ᠶᠢᠨ ᠳᠤᠮᠳᠠᠳᠤ ᠰᠤᠷᠭᠠᠭᠤᠯᠢ ᠬᠢᠭᠡᠳ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ᠂ ᠣᠷᠣᠰ ᠤᠨ ᠫᠧᠯᠮ ᠬᠤᠲᠠ᠂ ᠬᠠᠩᠭᠠᠷᠢ ᠶᠢᠨ ᠳ᠋ᠧᠪᠦᠯᠧᠰᠡᠨ ᠬᠤᠲᠠ ᠶᠢᠨ | ᠳᠤᠮᠳᠠᠳᠤ ᠰᠤᠷᠭᠠᠭᠤᠯᠢ ᠨᠤᠭᠤᠳ ᠲᠠᠢ ᠲᠣᠰ ᠲᠣᠰ ᠰᠤᠷᠭᠠᠭᠤᠯᠢ ᠶᠢᠨ ᠬᠤᠭᠤᠷᠣᠨᠳᠣᠬᠢ ᠨᠥᠬᠦᠷᠰᠡᠭ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢ ᠢᠳᠡᠪᠬᠢᠲᠡᠢ ᠠᠬᠢᠭᠤᠯᠵᠤ᠂ | ᠳᠤᠮᠳᠠᠳᠤ ᠶᠢᠨ ᠰᠣᠶᠣᠯ ᠢ ᠤᠯᠠᠮᠵᠢᠯᠠᠵᠤ᠂ ᠨᠥᠬᠦᠷᠯᠡᠯ ᠢ ᠵᠤᠵᠠᠭᠠᠳᠬᠠᠵᠠᠢ᠃ ᠳᠤᠮᠳᠠᠳᠤ ᠮᠣᠩᠭᠤᠯ ᠤᠨ ᠬᠠᠮᠲᠤᠪᠠᠷ ᠪᠠᠶᠢᠭᠤᠯᠬᠤ ᠠᠺᠠᠳᠧᠮᠢᠴᠢ ᠶᠢᠨ ᠲᠤᠰᠬᠠᠶ ᠮᠡᠷᠭᠡᠵᠢᠯᠲᠡᠨ ᠤ | ᠠᠵᠢᠯ ᠤᠨ ᠥᠷᠲᠡᠭᠡ ᠵᠡᠷᠭᠡ ᠲᠥᠷᠥᠯ ᠵᠦᠢᠯ ᠢ ᠠᠰᠢᠭᠯᠠᠨ᠂ ᠮᠠᠨ ᠤ ᠬᠤᠲᠠ ᠶᠢᠨ ᠮᠤᠩᠭᠤᠯ ᠡᠮ ᠡᠮᠨᠡᠯᠭᠡ ᠶᠢᠨ ᠬᠦᠭᠵᠢᠬᠦ ᠶᠢ ᠳᠡᠮᠵᠢᠪᠡ᠃ ᠮᠠᠨ ᠤ ᠬᠤᠲᠠ ᠪᠠ ᠮᠣᠩᠭᠤᠯ ᠤᠯᠤᠰ᠂ | ᠹᠢᠨᠯᠠᠨᠳ᠋ ᠵᠡᠷᠭᠡ ᠭᠠᠵᠠᠷ ᠲᠠᠢ ᠴᠡᠴᠡᠷᠯᠢᠭ ᠤᠨ ᠨᠣᠭᠤᠭᠠᠷᠠᠭᠤᠯᠤᠯᠲᠠ᠂ ᠦᠨᠳᠦᠰᠦᠨ ᠱᠠᠲᠤᠨ ᠤ ᠵᠠᠰᠠᠯᠲᠠ᠂ ᠠᠵᠢᠯ ᠮᠡᠷᠭᠡᠵᠢᠯ ᠤᠨ ᠪᠣᠯᠪᠠᠰᠤᠷᠠᠯ᠂ ᠨᠠᠰᠤᠲᠠᠶᠢᠴᠤᠳ ᠤᠨ ᠶᠡᠭᠡ | ᠰᠤᠷᠭᠠᠭᠤᠯᠢ᠂ ᠬᠡᠤᠬᠡᠳ ᠤᠨ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠰᠤᠷᠪᠤᠯᠵᠢᠯᠠᠭ᠎ᠠ ᠪᠠ ᠰᠣᠯᠢᠯᠴᠠᠭ᠎ᠠ ᠶᠢ ᠥᠷᠨᠢᠭᠦᠯᠵᠦ᠂ ᠬᠠᠮᠲᠤᠷᠠᠯᠴᠠᠭᠠᠨ ᠤ ᠣᠷᠣᠨ ᠵᠠᠶ ᠶᠢ ᠲᠠᠰᠤᠷᠠᠯᠲᠠ | ᠦᠭᠡᠢ ᠦᠷᠭᠡᠳᠭᠡᠪᠡ᠃ | |