ᠣᠶᠢᠷ᠎ᠠ ᠳᠤ᠂ ᠬᠥᠬᠡᠬᠤᠲᠠ ᠶᠢᠨ ᠡᠪᠯᠡᠯ ᠤᠨ ᠬᠤᠷᠢᠶ᠎ᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠯᠤᠭ᠎ᠠ ᠬᠠᠮᠲᠤᠷᠠᠨ ᠥᠪᠥᠷ | ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ᠂ ︽ᠬᠦᠬᠡᠬᠤᠲᠠᠨ᠎ᠠ ᠴᠤᠭᠯᠠᠷᠠᠬᠤ︾ ᠪᠠᠷ ︽ᠲᠠᠪᠤᠨ ᠲᠦᠮᠡᠨ ᠣᠶᠣᠲᠠᠳ ᠢ ᠬᠦᠬᠡᠬᠤᠲᠠᠨ᠎ᠠ ᠬᠤᠴᠤᠷᠭᠠᠵᠤ | ᠠᠵᠢᠯᠯᠠᠭᠤᠯᠬᠤ︾ ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ | ᠠᠵᠢᠯᠯᠠᠭ᠎ᠠ ᠶᠢ ᠥᠷᠨᠢᠭᠦᠯᠪᠡ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ 200 ᠭᠠᠷᠤᠢ ᠰᠢᠯᠢᠳᠡᠭ ᠵᠠᠯᠠᠭᠤ ᠰᠤᠷᠤᠭᠴᠢᠳ ᠤᠨ ᠲᠦᠯᠦᠭᠡᠯᠡᠭᠴᠢᠳ ᠲᠤᠰ | ᠠᠵᠢᠯᠯᠠᠭ᠎ᠠ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠲᠣᠰ ᠲᠠᠯᠠᠪᠤᠷ ᠤᠨ ᠠᠵᠢᠯᠯᠠᠭ᠎ᠠ ᠨᠢ ᠪᠣᠯ ᠬᠥᠬᠡᠬᠤᠲᠠ ᠶᠢᠨ ᠡᠪᠯᠡᠯ ᠤᠨ ᠬᠤᠷᠢᠶᠠᠨ ᠤ ᠶᠡᠭᠡ ᠳᠡᠭᠡᠳᠦ ᠰᠤᠷᠭᠠᠭᠤᠯᠢ ᠳᠠᠬᠢ | ᠠᠩᠬᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠣᠯᠬᠤ ᠪᠦᠭᠡᠳ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠰᠤᠷᠤᠭᠴᠢᠳ ᠤᠨ ᠵᠦᠪ ᠣᠨᠤᠪᠴᠢᠲᠠᠢ ᠠᠵᠢᠯ ᠮᠡᠷᠭᠡᠵᠢᠯ ᠤᠨ ᠬᠦᠰᠡᠯᠡᠩ ᠪᠠ ᠠᠵᠢᠯ | ᠮᠡᠷᠭᠡᠵᠢᠯ ᠤᠨ ᠦᠵᠡᠯᠲᠡ ᠲᠠᠢ ᠪᠣᠯᠵᠤ᠂ ᠠᠵᠢᠯ ᠰᠣᠩᠭᠤᠬᠤ ᠰᠢᠢᠳᠪᠦᠷᠢᠲᠦ ᠪᠣᠳᠣᠯᠭ᠎ᠠ ᠵᠢᠴᠢ ᠠᠵᠢᠯ ᠮᠡᠷᠭᠡᠵᠢᠯ ᠤᠨ ᠬᠦᠰᠡᠯ ᠬᠦᠭᠡᠭᠡᠴᠡᠯᠳᠦᠯ | ᠲᠥᠯᠥᠪᠵᠢᠭᠦᠯᠭᠡ ᠪᠠᠨ ᠰᠠᠶᠢᠲᠤᠷ ᠬᠢᠬᠦ ᠳᠤ ᠨᠢ ᠬᠠᠪᠰᠤᠷᠤᠮᠵᠢ ᠦᠵᠡᠭᠦᠯᠬᠦ ᠪᠠᠷ ᠬᠥᠬᠡᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠯᠤᠭ᠎ᠠ ᠤᠶᠠᠯᠳᠤᠭᠤᠯᠤᠨ᠂ ᠱᠠᠲᠤ ᠦᠶ᠎ᠡ ᠶᠢᠨ ᠦᠷ᠎ᠡ ᠪᠦᠲᠦᠮᠵᠢ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠲᠠᠪᠴᠠᠩ ᠪᠠᠶᠢᠭᠤᠯᠬᠤ᠂ | ᠦᠢᠯᠡᠴᠢᠯᠡᠭᠡ ᠪᠠᠨ ᠴᠢᠩᠭᠠᠳᠬᠠᠬᠤ ᠵᠡᠷᠭᠡ ᠠᠴᠠ ︽ᠲᠠᠪᠤᠨ ᠲᠦᠮᠡᠨ ᠤᠶᠤᠲᠠᠳ ᠢ ᠬᠥᠬᠡᠬᠤᠲᠠ ᠳᠤ ᠬᠤᠴᠤᠷᠭᠠᠬᠤ ᠢᠨᠵᠧᠨᠧᠷᠢᠩ︾ ᠢ ᠬᠡᠷᠡᠭᠵᠢᠭᠦᠯᠦᠭᠰᠡᠨ ᠦᠷ᠎ᠡ | ᠪᠦᠲᠦᠮᠵᠢ ᠵᠢᠴᠢ ᠤᠶᠤᠲᠠᠳ ᠤᠨ ᠠᠵᠢᠯ ᠤᠯᠬᠤ᠂ ᠠᠳᠠᠯ ᠦᠢᠯᠡᠰ ᠴᠣᠭᠴᠠᠯᠠᠬᠤ ᠶᠢ ᠨᠢ ᠳᠠᠮᠵᠢᠨ ᠲᠡᠳᠬᠦᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠲᠠᠨᠢᠯᠴᠠᠭᠤᠯᠪᠠ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠵᠢᠯᠲᠠᠳ ᠠᠴᠠ | ᠤᠶᠤᠲᠠᠳ ᠢ ᠰᠤᠷᠭᠠᠭᠤᠯᠢ ᠲᠡᠭᠦᠰᠦᠭᠰᠡᠨ ᠤ ᠳᠠᠷᠠᠭ᠎ᠠ ᠣᠷᠣᠨ ᠤ ᠲᠥᠪ ᠲᠤ ᠰᠠᠨᠠᠭ᠎ᠠ ᠠᠮᠤᠷ ᠠᠵᠢᠯᠯᠠᠵᠤ ᠠᠮᠢᠳᠤᠷᠠᠭᠤᠯᠬᠤ ᠪᠠᠷ ᠣᠷᠣᠰᠢᠨ ᠰᠠᠭᠤᠬᠤ ᠳᠤ | ᠲᠣᠬᠢᠷᠠᠮᠵᠢᠲᠠᠶ ︽ᠵᠠᠯᠠᠭᠤᠴᠤᠳ ᠲᠤ ᠠᠰᠢᠭ ᠬᠦᠷᠲᠡᠭᠡᠬᠦ︾ ᠲᠥᠷᠥ ᠶᠢᠨ ᠪᠣᠳᠣᠯᠭ᠎ᠠ ᠪᠠ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠰᠢᠨ᠎ᠡ ᠡᠭᠦᠳᠦᠯᠲᠡ | ᠲᠠᠢ ᠠᠷᠭ᠎ᠠ ᠬᠡᠮᠵᠢᠶ᠎ᠡ ᠶᠢ ᠬᠠᠮᠲᠦ ᠳᠤ ᠪᠠᠨ ᠬᠤᠪᠢᠶᠠᠯᠴᠠᠨ᠂ ᠤᠶᠤᠲᠠᠳ ᠤᠨ ᠬᠡᠷ ᠳᠦᠷᠢᠶᠡᠰᠦᠯᠡᠬᠦ ᠪᠠ ᠬᠤᠳᠠᠯᠳᠤᠨ ᠠᠪᠬᠤ ᠭᠤᠶᠤᠴᠢᠯᠠᠯ ᠤᠨ ᠨᠥᠬᠦᠴᠡᠯ᠂ | ᠲᠥᠷᠥ ᠶᠢᠨ ᠪᠣᠳᠣᠯᠭ᠎ᠠ ᠶᠢᠨ ᠨᠡᠮᠡᠭᠦᠷᠢ ᠵᠡᠷᠭᠡ ᠲᠠᠯ᠎ᠠ ᠪᠠᠷ ᠨᠠᠷᠢᠨ ᠲᠠᠶᠢᠯᠪᠤᠷᠢ ᠬᠢᠪᠡ᠃ | ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ ᠵᠠᠯᠠᠭᠤ ᠯᠧᠺᠲ᠋ᠣᠷ ᠨᠢᠶᠧ ᠱᠣ᠋᠂ | ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠲᠤᠰᠬᠠᠶ ᠮᠡᠷᠭᠡᠵᠢᠯ ᠤᠨ ᠳᠠᠭᠠᠭᠠᠮᠠᠯ ᠵᠠᠩ ᠺᠠᠶ ᠱᠤᠸᠠᠢ ᠨᠠᠷ ᠬᠥᠬᠡᠬᠤᠲᠠ ᠳᠤ ᠴᠢᠷᠮᠠᠶᠢᠨ ᠠᠵᠢᠯᠯᠠᠵᠤ ᠰᠤᠷᠤᠯᠴᠠᠵᠤ ᠪᠠᠶᠢᠭᠰᠠᠨ ᠦᠩᠭᠡᠷᠡᠯᠲᠡ ᠪᠠᠨ ᠶᠠᠷᠢᠪᠠ᠃ | ᠣᠶᠢᠯᠠᠭᠠᠭᠰᠠᠨ ᠢᠶᠠᠷ᠂ ᠬᠥᠬᠡᠬᠤᠲᠠ ᠶᠢᠨ ᠡᠪᠯᠡᠯ ᠤᠨ ᠬᠤᠷᠢᠶ᠎ᠠ ︽ᠬᠦᠬᠡᠬᠤᠲᠠᠨ᠎ᠠ ᠴᠤᠭᠯᠠᠷᠠᠬᠤ︾ ᠪᠠᠷ ︽ᠲᠠᠪᠤᠨ ᠲᠦᠮᠡᠨ ᠤᠶᠤᠲᠠᠳ ᠢ ᠬᠦᠬᠡᠬᠤᠲᠠᠨ᠎ᠠ | ᠬᠤᠴᠤᠷᠭᠠᠵᠤ ᠠᠵᠢᠯᠯᠠᠭᠤᠯᠬᠤ︾ ᠳᠤ ᠬᠦᠴᠦᠨ ᠨᠡᠮᠡᠷᠢᠯᠡᠬᠦ ᠲᠤᠰᠬᠠᠢ ᠠᠵᠢᠯᠯᠠᠭᠠᠨ · ᠶᠡᠭᠡ ᠳᠡᠭᠡᠳᠦ ᠰᠤᠷᠭᠠᠭᠤᠯᠢ ᠳᠤ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠤ᠂ ᠵᠠᠯᠠᠭᠤᠴᠤᠳ ᠤᠨ ᠬᠥᠭᠵᠢᠯᠲᠡ ᠳᠤ ᠠᠰᠢᠭᠲᠠᠢ ᠬᠤᠲᠠ ᠶᠢ ᠪᠥᠲᠥᠭᠡᠨ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ︽ᠠᠷᠰᠠᠷ︾ ᠠᠷᠭ᠎ᠠ ᠬᠡᠮᠵᠢᠶ᠎ᠡ ᠪᠠᠷ ᠵᠠᠯᠠᠭᠤᠴᠤᠳ ᠤᠨ ᠬᠥᠭᠵᠢᠯᠲᠡ ᠶᠢᠨ ︽ᠬᠠᠮ︾ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠵᠠᠯᠠᠭᠤ ᠴᠢᠳᠠᠪᠤᠷᠢᠲᠠᠨ ᠢ ᠬᠤᠲᠠ ᠶᠢᠨ ᠬᠥᠭᠵᠢᠯᠲᠡ ᠶᠢᠨ ᠭᠤᠤᠯ ᠪᠠᠶᠢᠷᠢᠨ ᠳᠤ ᠲᠠᠯᠪᠢᠵᠦ᠂ ᠬᠤᠲᠠ ᠶᠢᠨ ᠰᠦᠷ ᠳᠠᠯᠠᠶᠢᠴᠠᠲᠠᠢ ᠠᠮᠢᠵᠢᠷᠠᠯ ᠬᠦᠴᠦᠨ ᠢ | ᠬᠦᠭᠵᠢᠭᠡᠨ᠎ᠡ᠃ | |