11 ᠰᠠᠷ᠎ᠠ ᠶᠢᠨ 4 ᠠᠴᠠ 12 ᠰᠠᠷ᠎ᠠ ᠶᠢᠨ 2 ᠤᠨ ᠡᠳᠦᠷ ᠪᠤᠯᠳᠠᠯ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠪᠦᠭᠦ ᠤᠯᠤᠰ ᠤᠨ | ᠬᠡᠪᠴᠢᠶᠡᠨ ᠳᠤ ᠭᠤᠷᠪᠠᠨ ᠪᠦᠯᠦᠭ ᠬᠤᠪᠢᠶᠠᠨ᠂ ᠮᠠᠰᠢᠨ ᠲᠡᠷᠭᠡᠨ ᠤ ᠦᠨᠡᠮᠯᠡᠯ ᠤᠨ ᠡᠯᠧᠺᠲᠷᠣᠨᠵᠢᠯᠲᠠ ᠶᠢ ᠳᠡᠯᠭᠡᠷᠡᠭᠦᠯᠦᠨ ᠬᠡᠷᠡᠭᠵᠢᠭᠦᠯᠵᠦ᠂ ᠬᠡᠷᠡᠭ ᠶᠠᠪᠤᠳᠠᠯ | ᠰᠢᠢᠳᠪᠦᠷᠢᠯᠡᠬᠦ ᠭᠠᠷ ᠭᠦᠢᠴᠡᠳᠬᠡᠯ ᠤᠨ ᠮᠠᠲ᠋ᠧᠷᠢᠶᠠᠯ ᠢ ᠤᠯᠠᠮ ᠨᠢᠭᠡ ᠠᠯᠬᠤᠮ ᠳᠥᠭᠦᠮᠴᠢᠯᠡᠨ᠂ ᠦᠨᠡᠮᠯᠡᠯ ᠬᠡᠷᠡᠭᠯᠡᠬᠦ ᠲᠦᠭᠦᠮ ᠤᠨ ᠬᠡᠮᠵᠢᠶ᠎ᠡ ᠶᠢ | ᠳᠡᠭᠡᠭᠰᠢᠯᠡᠭᠦᠯᠦᠨ᠂ ᠤᠯᠠᠨ ᠲᠦᠮᠡᠨ ᠤ ᠬᠡᠷᠡᠭ ᠶᠠᠪᠤᠳᠠᠯ ᠰᠢᠢᠳᠪᠦᠷᠢᠯᠡᠵᠦ ᠭᠠᠳᠠᠭᠰᠢ ᠭᠠᠷᠬᠤ ᠳᠤ ᠨᠡᠩ ᠲᠦᠭᠦᠮ ᠳᠥᠲᠡ ᠦᠢᠯᠡᠴᠢᠯᠡᠭᠡ ᠬᠠᠩᠭᠠᠪᠠ᠃ ᠮᠠᠰᠢᠨ | ᠲᠡᠷᠭᠡᠨ ᠤ ᠡᠵᠡᠨ ᠲᠤᠰ ᠭᠠᠵᠠᠷ ᠤᠨ ᠡᠬᠢᠯᠡᠨ ᠭᠤᠶᠤᠴᠢᠯᠠᠵᠤ ᠠᠪᠬᠤ ᠴᠠᠭ ᠤᠨ ᠲᠣᠬᠢᠷᠠᠭᠤᠯᠤᠯᠲᠠ ᠶᠣᠰᠣᠭᠠᠷ᠂ ᠪᠦᠭᠦ ᠤᠯᠤᠰ ᠤᠨ︽ᠵᠠᠮ ᠬᠠᠷᠢᠯᠴᠠᠭᠠᠨ ᠤ | ᠬᠠᠮᠢᠶᠠᠷᠤᠯᠲᠠ 12123︾APP ᠪᠠᠷ ᠲᠠᠮᠵᠢᠨ ᠮᠠᠰᠢᠨ ᠲᠡᠷᠭᠡᠨ ᠤ ᠡᠯᠧᠺᠲᠷᠣᠨ ᠦᠨᠡᠮᠯᠡᠯ ᠢ ᠭᠤᠶᠤᠴᠢᠯᠠᠨ ᠠᠪᠴᠤ ᠪᠣᠯᠣᠨ᠎ᠠ᠃ ᠡᠭᠦᠨ ᠳᠤ᠂ ᠭᠦᠭᠡᠬᠤᠳᠠ | ᠨᠢ 11 ᠰᠠᠷ᠎ᠠ ᠶᠢᠨ 4 ᠠᠴᠠ ᠡᠬᠢᠯᠡᠨ ᠮᠠᠰᠢᠨ ᠲᠡᠷᠭᠡᠨ ᠤ ᠡᠯᠧᠺᠲᠷᠣᠨ ᠦᠨᠡᠮᠯᠡᠯ ᠠᠪᠴᠤ ᠲᠡᠶᠢᠯᠭᠦ ᠪᠣᠯᠪᠠ᠃ | ᠮᠠᠰᠢᠨ ᠲᠡᠷᠭᠡᠨ ᠤ ᠡᠵᠡᠨ ︽ᠵᠠᠮ ᠬᠠᠷᠢᠯᠴᠠᠭᠠᠨ ᠤ ᠬᠠᠮᠢᠶᠠᠷᠤᠯᠲᠠ 12123︾APP ᠳᠡᠭᠡᠷ᠎ᠡ ᠭᠠᠷᠴᠤ ᠰᠢᠭᠤᠳ ᠮᠠᠰᠢᠨ ᠲᠡᠷᠭᠡᠨ ᠤ ᠡᠯᠧᠺᠲᠷᠣᠨ | ᠦᠨᠡᠮᠯᠡᠯ ᠢ ᠭᠤᠶᠤᠴᠢᠯᠠᠨ ᠠᠪᠴᠤ ᠪᠣᠯᠣᠨ᠎ᠠ᠃ ᠬᠥᠮᠥᠰ ᠮᠠᠰᠢᠨ ᠲᠡᠷᠭᠡ ᠶᠢ ᠳᠠᠩᠰᠠᠯᠠᠭᠤᠯᠬᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠳᠪᠦᠷᠢᠯᠡᠬᠦ᠂ | ᠠᠳᠡᠯ ᠢ ᠰᠢᠢᠳᠪᠦᠷᠢᠯᠡᠬᠦ ᠵᠡᠷᠭᠡ ᠵᠠᠮ ᠬᠠᠷᠢᠯᠴᠠᠭᠠᠨ ᠤ ᠲᠤᠬᠠᠶᠢᠯᠠᠭᠰᠠᠨ ᠠᠵᠢᠯ ᠢ ᠰᠢᠢᠳᠪᠦᠷᠢᠯᠡᠬᠦ ᠦᠶ᠎ᠡ ᠳᠤ ᠭᠠᠷᠭᠠᠨ ᠬᠡᠷᠡᠭᠯᠡᠵᠦ ᠪᠣᠯᠣᠨ᠎ᠠ᠃ ᠮᠠᠰᠢᠨ ᠲᠡᠷᠭᠡᠨ | ᠤ ᠡᠵᠡᠨ ᠠᠴᠠ ᠪᠤᠰᠤᠳ ᠬᠥᠮᠥᠨ ᠳᠤ ᠡᠷᠬᠡ ᠣᠯᠭᠤᠨ ᠭᠦᠢᠴᠡᠳᠬᠡᠬᠦ ᠶᠢ ᠲᠡᠮᠵᠢᠵᠦ᠂ ᠪᠤᠰᠤᠳ ᠬᠥᠮᠥᠨ ᠳᠤ ᠨᠠᠶᠢᠳᠠᠨ ᠲᠤᠬᠠᠶᠢᠯᠠᠭᠰᠠᠨ ᠠᠵᠢᠯ ᠢ ᠣᠷᠣᠯᠠᠨ | ᠭᠦᠢᠴᠡᠳᠬᠡᠬᠦ ᠳᠤ ᠲᠦᠭᠦᠮ ᠦᠵᠡᠭᠦᠯᠦᠨ᠎ᠡ;ᠮᠠᠰᠢᠨ ᠲᠡᠷᠭᠡᠨ ᠤ ᠡᠯᠧᠺᠲᠷᠣᠨ ᠦᠨᠡᠮᠯᠡᠯ ᠨᠢ ᠪᠦᠭᠦ ᠤᠯᠤᠰ ᠤᠨ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠡᠯᠧᠺᠲᠷᠣᠨ ᠦᠨᠡᠮᠯᠡᠯ ᠤᠨ ᠰᠢᠰᠲ᠋ᠧᠮ ᠢᠶᠠᠷ ᠲᠠᠮᠵᠢᠨ ᠪᠤᠢ ᠪᠣᠯᠵᠤ᠂ ᠮᠠᠰᠢᠨ ᠲᠡᠷᠭᠡᠨ ᠤ ᠪᠠᠶᠢᠴᠠᠭᠠᠯᠲᠠ᠂ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠪᠣᠯᠣᠨ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠬᠥᠳᠡᠯᠦᠩᠭᠦᠢ ᠪᠠᠷ ᠢᠯᠡᠷᠡᠭᠦᠯᠵᠦ᠂ | ᠠᠰᠠᠭᠤᠨ ᠯᠠᠪᠯᠠᠬᠤ᠂ ᠪᠠᠶᠢᠴᠠᠭᠠᠨ ᠦᠵᠡᠬᠦ᠂ ᠬᠡᠷᠡᠭ ᠰᠢᠢᠳᠪᠦᠷᠢᠯᠡᠬᠦ ᠳᠤ ᠲᠦᠭᠦᠮ ᠦᠵᠡᠭᠦᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶ᠎ᠠ ᠬᠢᠬᠦ ᠳᠤ | ᠴᠦ ᠲᠦᠭᠦᠮ ᠦᠵᠡᠭᠦᠯᠵᠡᠢ᠃ ᠮᠠᠰᠢᠨ ᠲᠡᠷᠭᠡᠨ ᠤ ᠡᠯᠧᠺᠲᠷᠣᠨ ᠦᠨᠡᠮᠯᠡᠯ ᠢ ᠭᠤᠣᠯᠳᠠᠭᠤ ᠬᠠᠮᠢᠶ᠎ᠠ ᠪᠦᠬᠦᠢ ᠴᠣᠩᠬᠤᠪᠴᠢ ᠶᠢᠨ ᠲᠤᠬᠠᠶᠢᠯᠠᠭᠰᠠᠨ ᠠᠵᠢᠯ ᠢ | ᠰᠢᠢᠳᠪᠦᠷᠢᠯᠡᠬᠦ ᠦᠶ᠎ᠡ ᠳᠤ ᠬᠡᠷᠡᠭᠯᠡᠨ᠎ᠡ᠃ |