︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ 20 ᠤ ᠡᠳᠦᠷ ᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶᠠᠨ ᠠᠴᠠ ᠣᠶᠢᠯᠠᠭᠠᠵᠤ | ᠮᠡᠳᠡᠭᠰᠡᠨ ᠨᠢ᠂ 1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ᠬᠥᠬᠡᠬᠤᠲᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠳᠡᠭᠡᠭᠰᠢᠯᠡᠵᠦ᠂ | ᠠᠵᠤ ᠠᠬᠤᠢ ᠶᠢᠨ ᠳᠡᠭᠡᠭᠰᠢᠯᠡᠬᠦ ᠬᠠᠨᠳᠤᠰᠢ ᠪᠠᠬᠢᠵᠢᠨ ᠨᠡᠮᠡᠭᠳᠡᠵᠦ᠂ ᠴᠢᠨᠠᠷ ᠰᠠᠢᠲᠠᠢ ᠬᠥᠭᠵᠢᠯᠲᠡ ᠪᠠᠲᠤᠲᠠᠢ ᠠᠬᠢᠪᠠ᠃ | ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠬᠤᠪᠢ ᠨᠡᠮᠡᠷᠢ ᠲᠣᠪᠤᠶᠢᠮ᠎ᠠ᠃ 1 | ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 9.1% ᠪᠠᠷ ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠳᠤ ᠨᠢᠭᠡᠳᠦᠯᠲᠡᠶ ᠵᠢᠭᠰᠠᠭᠠᠭᠰᠠᠨ 29 | ᠶᠡᠭᠡ ᠲᠥᠷᠥᠯ ᠤᠨ ᠳᠣᠲᠣᠷ᠎ᠠ᠂ 19 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠠᠵᠢᠯ ᠲᠥᠷᠥᠯ ᠤᠨ | ᠨᠡᠮᠡᠭᠳᠡᠯ ᠤᠨ ᠬᠡᠪᠴᠢᠶ᠎ᠡ ᠨᠢ 65.5% ᠪᠣᠯᠤᠨ᠎ᠠ᠃ ᠭᠤᠣᠯᠳᠠᠯᠭ᠎ᠠ ᠲᠠᠢ ᠠᠵᠢᠯ ᠲᠥᠷᠥᠯ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ᠃ ᠡᠭᠦᠨ ᠳᠤ᠂ | ᠰᠢᠲᠠᠮᠠᠬᠠᠶ ᠬᠡᠶ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ᠂ | ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠢᠳᠡᠭᠡᠨ ᠤ ᠦᠢᠯᠡᠳᠬᠦ ᠦᠢᠯᠡᠰ᠂ ᠴᠢᠯᠠᠭᠤᠨ ᠲᠣᠰᠣ᠂ | ᠨᠡᠭᠦᠷᠡᠰᠦ ᠵᠢᠴᠢ ᠪᠤᠰᠤᠳ ᠰᠢᠲᠠᠭᠠᠯᠭ᠎ᠠ ᠡᠳ᠋ᠰᠢᠭᠦᠯᠬᠦ ᠦᠢᠯᠡᠰ ᠲᠣᠰ ᠲᠣᠰ ᠠᠳᠠᠯᠢ ᠬᠤᠭᠤᠴᠠᠭᠠᠨ ᠤ ᠬᠢ ᠠᠴᠠ 31.5%᠂ 28.9%᠂ 21.2%᠂ | 10.0%᠂ 9.4% ᠪᠠᠷ ᠨᠡᠮᠡᠭᠳᠡᠵᠦ᠂ ᠡᠨᠡ 5 ᠶᠡᠭᠡ ᠠᠵᠢᠯ ᠲᠥᠷᠥᠯ ᠲᠤᠯᠤᠭᠠᠨ ᠬᠤᠪᠢ ᠠᠴᠠ ᠳᠡᠭᠡᠭᠰᠢᠬᠢ ᠨᠡᠮᠡᠭᠳᠡᠯ ᠥᠷᠲᠡᠭ ᠢ ᠡᠵᠡᠯᠡᠵᠦ᠂ ᠪᠥᠬᠦ | ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠢ ᠨᠡᠶᠢᠲᠡ 10.7 ᠵᠠᠭᠤᠨ ᠤ ᠨᠢᠭᠡᠴᠢ ᠳᠠᠶᠢᠴᠢᠯᠠᠪᠠ᠃ | ᠠᠷᠠᠯᠵᠢᠶᠠᠨ ᠤ ᠵᠠᠬ᠎ᠠ ᠳᠡᠯᠭᠡᠭᠦᠷ ᠳᠠᠷᠤᠯᠲᠠ ᠶᠢ ᠳᠠᠭᠠᠭᠠᠵᠤ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠨᠡᠮᠡᠭᠳᠡᠯ ᠤᠨ ᠬᠤᠷᠳᠤᠴᠠ ᠲᠦᠷᠭᠡᠳᠪᠡ᠃ | 1 - 10 ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1003.9 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1 ᠳ᠋ᠦ᠋ᠭᠡᠷ ᠰᠠᠷ᠎ᠠ ᠠᠴᠠ 9 ᠳ᠋ᠦ᠋ᠭᠡᠷ | ᠰᠠᠷ᠎ᠠ ᠪᠤᠯᠲᠠᠯᠠᠬᠢ ᠠᠴᠠ 0.1 ᠵᠠᠭᠤᠨ ᠤ ᠨᠢᠭᠡᠴᠢ ᠳᠡᠭᠡᠭᠰᠢᠯᠡᠪᠡ᠃ ᠪᠦᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠮᠠᠰᠢᠨ ᠲᠡᠷᠭᠡᠨ ᠤ | ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠬᠤ ᠲᠤᠭ᠎ᠠ ᠶᠢᠨ ᠨᠡᠮᠡᠭᠳᠡᠯ ᠤᠨ ᠬᠤᠷᠳᠤᠴᠠ 1 ᠳ᠋ᠦ᠋ᠭᠡᠷ ᠰᠠᠷ᠎ᠠ ᠠᠴᠠ 9 ᠳ᠋ᠦ᠋ᠭᠡᠷ ᠰᠠᠷ᠎ᠠ ᠪᠤᠯᠲᠠᠯᠠᠬᠢ ᠠᠴᠠ 2.8 | ᠵᠠᠭᠤᠨ ᠤ ᠨᠢᠭᠡᠴᠢ ᠲᠦᠷᠭᠡᠳᠬᠡᠵᠦ᠂ ᠳᠠᠶᠢᠴᠢᠯᠠᠬᠤ ᠦᠢᠯᠡᠳᠦᠯ 1 ᠳ᠋ᠦ᠋ᠭᠡᠷ ᠰᠠᠷ᠎ᠠ ᠠᠴᠠ 9 ᠳ᠋ᠦ᠋ᠭᠡᠷ ᠰᠠᠷ᠎ᠠ ᠪᠤᠯᠲᠠᠯᠠᠬᠢ ᠠᠴᠠ 1.0 ᠵᠠᠭᠤᠨ ᠤ ᠨᠢᠭᠡᠴᠢ | ᠲᠦᠷᠭᠡᠳᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 47.6% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ 1 ᠳ᠋ᠦ᠋ᠭᠡᠷ ᠰᠠᠷ᠎ᠠ ᠠᠴᠠ 9 ᠳ᠋ᠦ᠋ᠭᠡᠷ ᠰᠠᠷ᠎ᠠ ᠪᠤᠯᠲᠠᠯᠠᠬᠢ ᠠᠴᠠ 7.1 ᠵᠠᠭᠤᠨ ᠤ ᠨᠢᠭᠡᠴᠢ ᠲᠦᠷᠭᠡᠨ ᠪᠣᠯᠵᠤ᠂ ᠬᠢᠵᠠᠭᠠᠷᠯᠠᠭᠰᠠᠨ ᠲᠤᠭ᠎ᠠ ᠠᠴᠠ | ᠳᠡᠭᠡᠭᠰᠢᠬᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 11.7 ᠵᠠᠭᠤᠨ ᠤ ᠨᠢᠭᠡᠴᠢ | ᠳᠠᠶᠢᠴᠢᠯᠠᠵᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭᠠᠨ ᠤ | ᠨᠡᠮᠡᠭᠳᠡᠯ ᠤᠨ ᠬᠤᠷᠳᠤᠴᠠ ᠶᠢ 4.3 ᠵᠠᠭᠤᠨ ᠤ ᠨᠢᠭᠡᠴᠢ ᠳᠠᠶᠢᠴᠢᠯᠠᠪᠠ᠃ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠣᠭᠲᠠᠭᠤᠨ ᠤ ᠳᠤᠮᠳᠠ ᠳᠡᠭᠡᠭᠰᠢᠯᠡᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ | ᠲᠥᠷᠥᠯ ᠤᠨ ᠨᠡᠮᠡᠭᠳᠡᠯ ᠤᠨ ᠬᠠᠨᠳᠤᠰᠢ ᠬᠦᠮᠦᠰ ᠢ ᠪᠠᠶᠠᠷᠯᠠᠭᠤᠯᠤᠮ᠎ᠠ ᠪᠤᠯᠵᠠᠢ᠃ 1 ᠳ᠋ᠦ᠋ᠭᠡᠷ ᠰᠠᠷ᠎ᠠ ᠠᠴᠠ 9 ᠳ᠋ᠤᠭᠠᠷ ᠰᠠᠷ᠎ᠠ ᠪᠣᠯᠲᠠᠯ᠎ᠠ᠂ ᠪᠥᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 870.6 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ ᠲᠥᠷᠥᠯ ᠤᠨ ᠳᠠᠶᠢᠴᠢᠯᠠᠬᠤ ᠬᠦᠴᠦᠨ | ᠲᠣᠭᠲᠠᠭᠤᠨ ᠪᠠᠶᠢᠬᠤ ᠶᠢ ᠪᠠᠲᠤᠯᠠᠵᠤ᠂ 10 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠳᠤ ︽ᠨᠠᠢᠮᠠ ᠳᠡᠭᠡᠭᠰᠢᠯᠡᠵᠦ ᠬᠤᠶᠠᠷ ᠪᠠᠭᠤᠷᠠᠬᠤ︾ ᠪᠠᠶᠢᠳᠠᠯ | ᠢᠯᠡᠷᠡᠵᠡᠢ᠂ ᠡᠭᠦᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠤᠷᠳᠤᠴᠠ ᠨᠢ ᠡᠨᠡ | ᠵᠢᠯ ᠤᠨ ᠬᠠᠮᠤᠭ ᠤᠨ ᠥᠨᠳᠥᠷ ᠬᠢᠷᠢ ᠲᠦᠪᠰᠢᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 81.1% ᠪᠠᠷ ᠨᠡᠮᠡᠭᠳᠡᠵᠦ᠂ 1 ᠳ᠋ᠦ᠋ᠭᠡᠷ ᠰᠠᠷ᠎ᠠ ᠠᠴᠠ 8 | ᠳ᠋ᠤᠭᠠᠷ ᠰᠠᠷ᠎ᠠ ᠪᠤᠯᠲᠠᠯᠠᠬᠢ ᠠᠴᠠ 13.1 ᠵᠠᠭᠤᠨ ᠤ ᠨᠢᠭᠡᠴᠢ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ | 4.9 ᠵᠠᠭᠤᠨ ᠤ ᠨᠢᠭᠡᠴᠢ ᠳᠠᠶᠢᠴᠢᠯᠠᠪᠠ᠃ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠪᠦᠬᠦ ᠬᠤᠲᠠ ᠶᠢᠨ 68.4% | ᠡᠵᠡᠩᠨᠡᠯᠲᠡ ᠶᠢᠨ ᠤᠷᠤᠯᠭ᠎ᠠ ᠶᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 5.8 ᠵᠠᠭᠤᠨ ᠤ ᠨᠢᠭᠡᠴᠢ | ᠳᠠᠶᠢᠴᠢᠯᠠᠪᠠ᠃ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ 3 ᠰᠠᠷ᠎ᠠ ᠳᠠᠷᠠᠭᠠᠯᠠᠨ | ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 10.7% ᠪᠠᠷ ᠨᠡᠮᠡᠭᠳᠡᠪᠡ᠃ | ᠪᠡᠯᠡ ᠣᠷᠣᠭᠤᠯᠤᠯᠲᠠ ᠶᠢᠨ ᠬᠦᠷᠢᠶᠡᠨ ᠤ ᠨᠡᠮᠡᠭᠳᠡᠯ ᠤᠨ ᠬᠠᠨᠳᠤᠰᠢ ᠲᠣᠭᠲᠠᠭᠤᠨ ᠪᠠᠶᠢᠵᠤ᠂ ᠬᠡᠰᠡᠭ ᠬᠦᠷᠢᠶ᠎ᠡ ᠴᠠᠷᠠᠭ᠎ᠠ ᠶᠢᠨ ᠳᠠᠶᠢᠴᠢᠯᠠᠬᠤ ᠬᠦᠴᠦᠨ | ᠡᠷᠴᠢᠲᠡᠢ ᠪᠠᠶᠢᠨ᠎ᠠ᠃ 1 - 10 ᠰᠠᠷ᠎ᠠ ᠳᠤ᠂ ᠪᠦᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ | 17.0% ᠪᠠᠷ ᠨᠡᠮᠡᠭᠳᠡᠵᠦ᠂ ᠲᠤᠰ ᠲᠤᠰ ᠪᠦᠬᠦ ᠤᠯᠤᠰ᠂ ᠪᠦᠬᠦ ᠣᠷᠣᠨ ᠤ ᠨᠡᠮᠡᠭᠳᠡᠯ ᠤᠨ ᠬᠤᠷᠳᠤᠴᠠ ᠠᠴᠠ 13.6᠂ 5.6 ᠵᠠᠭᠤᠨ ᠤ ᠨᠢᠭᠡᠴᠢ ᠥᠨᠳᠥᠷ | ᠪᠣᠯᠪᠠ᠃ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠬᠥᠭᠵᠢᠯᠲᠡ ᠢᠯᠡᠷᠬᠡᠢ ᠪᠠᠶᠢᠵᠤ᠂ ᠪᠦᠬᠦ ᠬᠤᠲᠠ ᠶᠢᠨ ᠳᠡᠭᠡᠳᠦ | ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 95.1% ᠪᠠᠷ ᠨᠡᠮᠡᠭᠳᠡᠵᠦ᠂ ᠪᠦᠬᠦ ᠬᠤᠲᠠ ᠶᠢᠨ | ᠪᠡᠯᠡ ᠣᠷᠣᠭᠤᠯᠤᠯᠲᠠ ᠶᠢᠨ ᠬᠤᠪᠢ ᠶᠢᠨ ᠵᠢᠩ ᠤᠨ 12.1% ᠶᠢ ᠡᠵᠡᠯᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 6.9 ᠵᠠᠭᠤᠨ ᠤ ᠨᠢᠭᠡᠴᠢ | ᠲᠠᠶᠢᠴᠢᠯᠠᠵᠠᠢ᠃ ᠴᠢᠬᠤᠯᠠ ᠶᠡᠭᠡ ᠲᠥᠷᠥᠯ ᠵᠦᠢᠯ ᠤᠨ ᠳᠠᠶᠢᠴᠢᠯᠠᠯᠲᠠ ᠬᠦᠴᠦᠲᠡᠢ ᠪᠠᠶᠢᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠪᠠᠷᠤᠭ 6 ᠬᠤᠪᠢ ᠪᠠᠶᠢᠵᠤ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 5.9 | ᠵᠠᠭᠤᠨ ᠤ ᠨᠢᠭᠡᠴᠢ ᠲᠠᠶᠢᠴᠢᠯᠠᠪᠠ᠃ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ | ᠨᠡᠯᠢᠶᠡᠳ ᠲᠦᠷᠭᠡᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠ ᠳᠠᠶᠢᠴᠢᠯᠠᠬᠤ ᠬᠦᠴᠦᠨ ᠲᠣᠰ | ᠲᠣᠰ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 268.2᠂ 2.5 ᠵᠠᠭᠤᠨ ᠤ ᠨᠢᠭᠡᠴᠢ ᠳᠡᠭᠡᠭᠰᠢᠯᠡᠵᠡᠶ᠃ | |