ᠬᠥᠬᠡᠬᠤᠲᠠ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠠᠯᠲᠠ ᠪᠠᠨ ᠪᠥᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2024/11/22
       ︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠠᠴᠠ ᠨᠠᠭᠠᠰᠢ᠂ ᠪᠥᠬᠦ ᠬᠤᠲᠠ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠯ᠎ᠡ ᠬᠤᠰᠢᠭᠤ ᠰᠢᠶᠠᠨ ᠲᠣᠭᠤᠷᠢᠭ ᠯᠤᠭ᠎ᠠ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠲᠠᠷᠢᠶᠠᠨ ᠭᠠᠵᠠᠷ ᠤᠨ ᠬᠡᠷᠡᠭᠯᠡᠯᠲᠡ ᠶᠢᠨ ᠣᠷᠣᠨ ᠪᠠᠶᠢᠷᠢ ᠶᠢ ᠲᠣᠭᠲᠠᠭᠠᠵᠤ᠂  ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠣᠨᠴᠠᠭᠠᠶ ᠬᠠᠮᠠᠭᠠᠯᠠᠯᠲᠠ ᠬᠢᠵᠦ᠂ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠴᠢᠩᠭ᠎ᠠ ᠰᠠᠬᠢᠪᠠ᠃ ᠣᠳᠣᠬᠠᠨ ᠳᠤ᠂ ᠪᠥᠬᠦ ᠬᠤᠲᠠ ᠶᠢᠨ ᠲᠠᠷᠢᠶᠠᠨ ᠭᠠᠵᠠᠷ 836.97 ᠲᠦᠮᠡᠨ ᠮᠥ ᠪᠠᠶᠢᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ 694.30 ᠲᠦᠮᠡᠨ ᠮᠥ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ ᠳᠤ ᠪᠠᠭᠤᠯᠭᠠᠭᠰᠠᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠬᠤ ᠶᠢᠨ ᠬᠠᠮᠲᠤ᠂ ᠬᠥᠬᠡᠬᠤᠲᠠ ︽ᠨᠢᠭᠡ ᠶᠢ ᠡᠵᠡᠯᠡᠵᠦ ᠬᠡᠷᠡᠭᠯᠡᠪᠡᠯ ᠨᠢᠭᠡ ᠶᠢ ᠨᠥᠬᠦᠪᠥᠷᠢᠯᠡᠬᠦ︾ ᠬᠢᠭᠡᠳ ︽ᠰᠢᠯᠢᠳᠡᠭ ᠢ ᠡᠵᠡᠯᠡᠵᠦ ᠬᠡᠷᠡᠭᠯᠡᠪᠡᠯ ᠰᠢᠯᠢᠳᠡᠭ ᠢ ᠨᠥᠬᠦᠪᠥᠷᠢᠯᠡᠬᠦ︾ ᠵᠠᠷᠴᠢᠮ ᠶᠣᠰᠣᠭᠠᠷ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ 2024 ᠣᠨ ᠳᠤ᠂ ᠪᠥᠬᠦ ᠬᠤᠲᠠ ᠳᠤ ᠨᠢᠭᠡᠨᠲᠡ 121 ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠪᠥᠲᠥᠭᠡᠨ ᠪᠠᠶᠢᠭᠤᠯᠬᠤ ᠲᠦᠷᠦᠯ ᠵᠦᠢᠯ ᠢ ᠬᠢᠨᠠᠨ ᠵᠦᠪᠰᠢᠶᠡᠷᠡᠵᠦ᠂ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ 303.02 ᠾᠧᠺᠲ᠋ᠠᠷ ᠪᠠᠶᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠡᠭᠦᠷᠭᠡ ᠶᠢ ᠪᠦᠬᠦᠨ ᠢ ᠨᠠᠶᠢᠳᠠᠪᠤᠷᠢᠵᠢᠭᠤᠯᠪᠠ᠃ ︽ᠲᠠᠷᠢᠶᠠᠨ ᠭᠠᠵᠠᠷ ᠢ ᠬᠠᠮᠠᠭᠠᠯᠠᠬᠤ ᠶᠢ ᠴᠢᠩᠭᠠᠳᠬᠠᠵᠤ ᠲᠠᠷᠢᠶᠠᠨ ᠭᠠᠵᠠᠷ ᠤᠨ ᠶᠠᠰᠤ ᠴᠢᠨᠠᠷ ᠢ ᠲᠡᠭᠦᠯᠳᠡᠷᠵᠢᠭᠦᠯᠦᠨ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠲᠠᠷᠢᠶᠠᠯᠠᠩ ᠤᠨ ᠪᠤᠰᠤ ᠪᠥᠲᠥᠭᠡᠨ ᠪᠠᠶᠢᠭᠤᠯᠤᠯᠲᠠ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ᠂ ᠣᠶᠢᠵᠢᠭᠤᠯᠵᠤ ᠡᠪᠡᠰᠦ ᠳᠠᠷᠢᠬᠤ ᠵᠡᠷᠭᠡ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠪᠠ᠃ ᠨᠥᠬᠦᠪᠥᠷᠢᠯᠡᠬᠦ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ 10000 ᠮᠥ ᠲᠠᠷᠢᠶᠠᠨ ᠭᠠᠵᠠᠷ ᠢ ᠨᠥᠬᠦᠪᠥᠷᠢᠯᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ