ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ | ᠣᠷᠣᠨ ᠲᠤᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠡᠯ᠎ᠡ | ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠺᠠᠳ᠋ᠷ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠴᠢᠳᠠᠪᠤᠷᠢ ᠶᠢ | ᠳᠡᠭᠡᠭᠰᠢᠯᠡᠭᠦᠯᠬᠦ ᠶᠢᠨ ᠲᠥᠯᠥᠭᠡ᠂ 11 ᠳ᠋ᠤᠭᠡᠷ ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠢᠦᠶ ᠴᠢᠤᠸᠠᠨ ᠲᠣᠭᠤᠷᠢᠭ ᠤᠨ ᠨᠠᠮ ᠤᠨ | ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠢᠦᠶ ᠴᠢᠤᠸᠠᠨ ᠲᠣᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠴᠢᠳᠠᠪᠤᠷᠢ ᠬᠡᠪ ᠴᠢᠨᠠᠷ ᠢ | ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠡᠷᠭᠢᠯᠡᠵᠦ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ ᠵᠢᠴᠢ ᠤᠯᠤᠰ ᠲᠥᠷᠥ ᠶᠢᠨ ᠠᠵᠢᠯ ᠤᠨ ᠺᠠᠳ᠋ᠷ ᠪᠣᠯᠪᠠᠰᠤᠷᠠᠯ ᠳᠤ ᠣᠷᠣᠯᠴᠠᠵᠤ᠂ ᠨᠡᠶᠢᠲᠡ 150 ᠭᠠᠷᠤᠶ ᠬᠥᠮᠦᠨ ᠣᠷᠣᠯᠴᠠᠵᠠᠶ᠃ | | | | | | | | | ᠪᠣᠯᠪᠠᠰᠤᠷᠠᠯ ᠨᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠤᠨ ᠲᠣᠭᠤᠷᠢᠨ ᠳᠤ 3 ᠲᠤᠰᠬᠠᠶ ᠰᠡᠳᠦᠪᠲᠦ ᠬᠢᠴᠢᠶᠡᠯ | ᠲᠣᠬᠢᠷᠠᠭᠤᠯᠵᠤ᠂ ᠨᠡᠶᠢᠲᠡ 3 ᠲᠤᠰᠬᠠᠶ ᠮᠡᠷᠭᠡᠵᠢᠯᠲᠡᠨ ᠡᠷᠳᠡᠮᠲᠡᠨ ᠢ ᠤᠷᠢᠵᠤ ᠬᠢᠴᠢᠶᠡᠯ ᠣᠷᠣᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠣᠷᠣᠨ | ᠲᠤᠭ᠎ᠠ ᠶᠢᠨ ᠠᠯᠪᠠᠨ ᠬᠡᠷ ᠤᠨ 4 ᠤᠳᠤᠷᠢᠳᠬᠤ ᠺᠠᠳ᠋ᠷ ᠢ ᠳᠣᠭᠢᠷᠠᠭᠤᠯᠤᠨ ᠡᠳᠦᠷ ᠲᠤᠲᠤᠮ ᠤᠨ ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠪᠠᠶᠢᠳᠠᠯ ᠲᠠᠢ | ᠤᠶᠠᠯᠳᠤᠭᠤᠯᠤᠨ᠂ ᠦᠨᠡᠨ ᠨᠡᠷ᠎ᠡ ᠶᠢᠨ ᠲᠦᠷᠢᠮ ᠤᠨ ᠬᠠᠮᠢᠶᠠᠷᠤᠯᠲᠠ ᠶᠢᠨ ᠠᠵᠢᠯ᠂ ︽ᠭᠤᠷᠪᠠ ᠶᠢ ᠲᠣᠭᠲᠠᠭᠠᠬᠤ︾ ᠲᠣᠭᠲᠠᠭᠠᠯ ᠢ ᠲᠣᠭᠲᠠᠭᠠᠵᠤ | ᠳᠣᠭᠢᠷᠠᠭᠤᠯᠬᠤ ᠴᠤᠪᠤᠷᠠᠯ᠂ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ᠂ ᠠᠵᠢᠯ ᠦᠢᠯᠡᠰ ᠤᠨ ᠨᠢᠭᠡᠴᠢ ᠶᠢᠨ | ᠳᠡᠩᠰᠡᠯᠡᠨ ᠬᠠᠮᠢᠶᠠᠷᠬᠤ ᠵᠡᠷᠭᠡ ᠠᠵᠢᠯ ᠳᠤ ᠬᠢᠴᠢᠶᠡᠯ ᠣᠷᠣᠭᠤᠯᠪᠠ᠃ | ᠪᠣᠯᠪᠠᠰᠤᠷᠠᠯ ᠤᠨ ᠠᠭᠤᠯᠭ᠎ᠠ ᠣᠳᠣᠬᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ | ᠱᠠᠭᠠᠷᠳᠠᠯᠭ᠎ᠠ ᠶᠢᠨ ᠲᠤᠭᠤᠷᠢᠨ ᠳᠤ᠂ ᠥᠨᠳᠥᠷ ᠪᠦᠲᠦᠮᠵᠢᠲᠡᠶ ᠪᠠᠷ ᠪᠣᠳᠠᠲᠠᠶ ᠶᠢ ᠡᠷᠬᠢᠮᠯᠡᠵᠦ᠂ ᠠᠭᠤᠯᠭ᠎ᠠ ᠨᠢ ᠪᠠᠶᠠᠯᠢᠭ ᠪᠠᠶᠢᠵᠤ᠂ ᠣᠳᠣᠬᠠᠨ ᠤ ᠠᠵᠢᠯ ᠤᠨ | ᠭᠤᠤᠯᠳᠠᠯᠭ᠎ᠠ᠂ ᠪᠣᠳᠠᠲᠠᠶ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠬᠤᠷᠸ᠎ᠠ ᠲᠠᠯ᠎ᠠ ᠶᠢᠨ ᠶᠡᠷᠦᠩᠬᠡᠶ | ᠡᠵᠡᠮᠳᠡᠯ ᠪᠠᠶᠢᠬᠤ ᠮᠥᠷᠲᠡᠭᠡᠨ ᠪᠠᠰᠠ ᠬᠤᠮᠠᠬᠢ ᠲᠠᠯ᠎ᠠ ᠶᠢᠨ ᠠᠵᠢᠯᠯᠠᠬᠤ ᠤᠷ᠎ᠠ ᠮᠡᠷᠭᠡᠵᠢᠯ ᠲᠠᠢ ᠪᠠᠶᠢᠳᠠᠭ᠃ | ᠲᠣᠰ ᠤᠳᠠᠭᠠᠨ ᠤ ᠪᠥᠬᠦ ᠲᠠᠯ᠎ᠠ ᠶᠢᠨ ᠰᠢᠰᠲ᠋ᠧᠮ ᠲᠠᠢ ᠪᠣᠯᠪᠠᠰᠤᠷᠠᠯ ᠢᠶᠠᠷ ᠳᠡᠮᠵᠢᠨ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠤᠨ ᠤᠳᠤᠷᠢᠳᠬᠤ | ᠺᠠᠳ᠋ᠷᠴᠤᠳ ᠤᠨ ︽ᠣᠷᠣᠨ ᠲᠤᠭ᠎ᠠ ᠪᠣᠯ ᠳᠠᠷᠤᠶ ᠬᠠᠤᠯᠢ ᠳᠦᠷᠢᠮᠵᠢᠯ ᠮᠥᠨ︾ ᠭᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠬᠦ | ᠲᠤᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠺᠠᠳ᠋ᠷ ᠤᠨ ᠡᠩᠨᠡᠭᠡᠨ ᠤ ᠤᠯᠤᠰ ᠲᠦᠷᠦ ᠶᠢᠨ ᠵᠣᠭᠰᠣᠯᠲᠠ ᠪᠠ ᠲᠤᠬᠠᠶᠢᠯᠠᠭᠰᠠᠨ ᠠᠵᠢᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ | ᠤᠬᠠᠭᠠᠨᠴᠢᠯᠠᠯᠲᠠ᠂ ᠬᠠᠥᠯᠢ ᠳᠦᠷᠢᠮᠵᠢᠭᠦᠯᠦᠯᠲᠡ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠢᠦᠢ ᠴᠢᠤᠸᠠᠨ ᠲᠣᠭᠤᠷᠢᠭ ᠤᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠦᠲᠦᠮᠵᠢᠲᠡᠶ ᠪᠠᠲᠤᠯᠠᠭ᠎ᠠ ᠬᠠᠩᠭᠠᠵᠤ᠂ ᠢᠦᠢ | ᠴᠢᠤᠸᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠪᠡ᠃ | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | |