︵ᠳᠠᠳᠤᠯᠭ᠎ᠠ ᠶᠢᠨ ᠰᠤᠷᠪᠤᠯᠵᠢᠯᠠᠭᠴᠢ ᠢᠦᠢ ᠮᠧᠩ ᠶᠤᠸᠠᠨ︶ 11 ᠳ᠋ᠦ᠋ᠭᠡᠷ ᠰᠠᠷ᠎ᠠ ᠶᠢᠨ 22 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ—ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠰᠢᠭᠦᠬᠦ ᠲᠢᠩᠬᠢᠮ ᠤᠨ ᠫᠠᠶᠢᠰᠠ ᠰᠡᠬᠦᠬᠦ ᠶᠣᠰᠣᠯᠠᠯ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠤ | ᠶᠠᠪᠤᠭᠳᠠᠪᠠ᠃ | 1995 ᠣᠨ ᠳᠤ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠥᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢᠨ ᠠᠩᠬᠠᠨ ᠤ ᠬᠡᠷᠡᠭ ᠢ ᠰᠢᠭᠦᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠬᠤ ᠶᠢ ᠳᠠᠭᠠᠯᠳᠤᠨ᠂ ᠬᠥᠬᠡᠬᠤᠲᠠ ᠨᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢᠨ ᠬᠠᠮᠲᠤ 2022 ᠣᠨ ᠳᠤ | ᠲᠦᠷᠦᠭᠦᠤ ᠪᠦᠯᠦᠭ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠬᠤᠲᠠ ᠶᠢ ᠪᠥᠲᠥᠭᠡᠨ ᠪᠠᠶᠢᠭᠤᠯᠬᠤ ᠲᠤᠷᠰᠢᠯᠲᠠ ᠶᠢᠨ | ᠬᠤᠲᠠ ᠪᠠᠷ ᠰᠣᠩᠭᠤᠭᠳᠠᠪᠠ᠃ 2020 ᠣᠨ ᠠᠴᠠ ᠨᠠᠭᠠᠰᠢ᠂ ᠬᠥᠬᠡᠬᠤᠲᠠ ᠶᠢᠨ ᠲᠤᠰᠬᠠᠶ ᠠᠰᠢᠭ ᠭᠤᠶᠤᠴᠢᠯᠠᠭᠰᠠᠨ ᠬᠡᠮᠵᠢᠶ᠎ᠡ᠂ ᠲᠠᠸᠠᠷ ᠤᠨ ᠲᠡᠮᠳᠡᠭ | ᠭᠤᠶᠤᠴᠢᠯᠠᠭᠰᠠᠨ ᠬᠡᠮᠵᠢᠶ᠎ᠡ ᠵᠡᠷᠭᠡ ᠭᠤᠤᠯ ᠪᠣᠯᠬᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠦᠢᠴᠡᠳᠬᠡᠯ ᠲᠤᠭ᠎ᠠ ᠵᠠᠯᠭᠠᠭ᠎ᠠ ᠪᠠᠷ ᠪᠥᠬᠦ | ᠣᠷᠣᠨ ᠤ ᠲᠡᠷᠢᠭᠦᠨ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠬᠢᠭᠡᠳ ᠡᠯ᠎ᠡ ᠲᠥᠷᠥᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠤᠨ ᠲᠤᠭ᠎ᠠ | ᠬᠡᠮᠵᠢᠶᠡᠨ ᠤ ᠨᠡᠮᠡᠭᠳᠡᠬᠦ ᠶᠢ ᠳᠠᠭᠠᠯᠳᠤᠨ᠂ ᠣᠷᠣᠨ ᠤ ᠲᠥᠪ ᠬᠤᠲᠠ ᠳᠤ ᠲᠤᠰᠬᠠᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ | ᠲᠢᠩᠬᠢᠮ ᠢ ᠪᠠᠶᠢᠭᠤᠯᠬᠤ ᠨᠢ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠳᠤ ᠠᠰᠢᠭᠲᠠᠶ ᠪᠠᠶᠢᠵᠤ᠂ ᠥᠪᠡᠷᠲᠡᠭᠡᠨ ᠵᠠᠰᠠᠬᠤ ᠣᠷᠣᠨ᠂ | ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠲᠦᠢᠯ ᠤᠨ ᠣᠨᠣᠪᠴᠢᠲᠠᠶ ᠬᠠᠤᠯᠢ ᠴᠠᠭᠠᠵᠠ ᠶᠢᠨ ᠦᠢᠯᠡᠴᠢᠯᠡᠭᠡ ᠪᠠ | ᠪᠠᠲᠤᠯᠠᠭ᠎ᠠ ᠬᠠᠩᠭᠠᠬᠤ ᠪᠤᠯᠤᠨ᠎ᠠ᠃ | 2024 ᠣᠨ ᠤ 4 ᠳ᠋ᠦ᠋ᠭᠡᠷ ᠰᠠᠷ᠎ᠠ ᠳᠤ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶ᠎ᠠ ᠠᠴᠠ ᠬᠥᠬᠡᠬᠤᠲᠠ ᠶᠢᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠪᠠᠶᠢᠭᠤᠯᠬᠤ ᠶᠢ ᠵᠥᠪᠰᠢᠶᠡᠷᠡᠵᠦ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ ᠨᠢ ᠤᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠨ ᠲᠠᠰᠤᠯᠬᠤ ᠪᠦᠯᠬᠦᠮ ᠢᠶᠠᠷ ᠰᠠᠭᠤᠷᠢ ᠪᠣᠯᠭᠠᠨ ᠲᠤᠰᠬᠠᠶᠢᠵᠢᠭᠰᠠᠨ | ᠰᠢᠭᠦᠬᠦ ᠲᠢᠩᠬᠢᠮ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠡᠭᠦᠳᠦᠯᠲᠡ ᠶᠢᠨ ᠲᠤᠰᠬᠠᠢ ᠠᠰᠢᠭ᠂ ᠬᠡᠷᠡᠭᠯᠡᠭᠡᠨ ᠤ ᠰᠢᠨ᠎ᠡ ᠬᠡᠯᠪᠡᠷᠢ ᠶᠢᠨ | ᠲᠤᠰᠬᠠᠢ ᠠᠰᠢᠭ᠂ ᠤᠷᠭᠤᠮᠠᠯ ᠤᠨ ᠰᠢᠨ᠎ᠡ ᠡᠭᠦᠯᠳᠡᠷ᠂ ᠬᠤᠷᠠᠮᠠᠯ ᠴᠠᠬᠢᠯᠭᠠᠨ ᠬᠡᠯᠬᠢᠶ᠎ᠡ ᠶᠢᠨ ᠪᠠᠶᠢᠷᠢᠯᠠᠭᠤᠯᠤᠯᠲᠠ ᠶᠢᠨ ᠵᠢᠷᠤᠭ ᠲᠥᠯᠥᠪᠯᠡᠭᠡ᠂ ᠮᠡᠷᠭᠡᠵᠢᠯ ᠤᠨ | ᠨᠢᠭᠤᠴᠠ᠂ ᠺᠣᠮᠫᠢᠦ᠋ᠲ᠋ᠧᠷ ᠤᠨ ᠵᠥᠭᠡᠯᠡᠨ ᠲᠣᠨᠤᠭ ᠤᠨ ᠡᠷᠬᠡ ᠶᠢᠨ ᠬᠠᠷᠢᠶᠠᠯᠠᠯ᠂ ᠡᠷᠬᠡ ᠳᠤ ᠬᠠᠯᠳᠠᠭᠰᠠᠨ ᠵᠢᠭᠤᠷᠠᠯᠳᠤᠭᠠᠨ ᠵᠢᠴᠢ ᠭᠠᠭᠴᠠᠭᠠᠷ ᠡᠵᠡᠮᠰᠢᠬᠦ | ᠵᠠᠭᠤᠷᠠᠯᠳᠤᠭᠠᠨ ᠤ ᠨᠢᠭᠡᠳᠦᠭᠡᠷ ᠰᠢᠭᠦᠯᠲᠡ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ ᠢ | ᠣᠷᠣᠨ ᠪᠦᠰᠡ ᠠᠯᠤᠰᠯᠠᠨ ᠬᠠᠮᠢᠶᠠᠷᠴᠤ᠂ ᠣᠷᠣᠨ ᠤ ᠲᠥᠪ ᠬᠤᠲᠠ ᠨᠢ ᠪᠥᠬᠦ ᠣᠷᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ | ᠴᠠᠭᠠᠵᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠴᠢᠬᠤᠯᠠ ᠶᠡᠭᠡ ᠠᠬᠢᠭᠤᠯᠬᠤ | ᠠᠴᠢ ᠬᠤᠯᠪᠣᠭᠳᠠᠯ ᠲᠠᠢ ᠶᠤᠮ᠃ | |