︵ᠰᠤᠷᠪᠤᠯᠵᠢᠯᠠᠭᠴᠢ ᠳ᠋ᠢᠩ ᠴᠧᠨ︶ 11 ᠳ᠋ᠦ᠋ᠭᠡᠷ ᠰᠠᠷ᠎ᠠ ᠶᠢᠨ 22 ᠤ ᠡᠳᠦᠷ ᠰᠤᠷᠪᠤᠯᠵᠢᠯᠠᠭᠴᠢ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ | ᠬᠢᠬᠦ ᠲᠤᠬᠠᠢ ᠮᠡᠳᠡᠭᠳᠡᠯ︾ ᠶᠣᠰᠣᠭᠠᠷ᠂ ᠬᠥᠬᠡᠬᠤᠲᠠ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ 2024 | ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ | ᠭᠤᠷᠪᠠᠳᠤᠭᠠᠷ ᠲᠥᠷᠥᠯ ᠤᠨ ᠭᠠᠵᠠᠷ ᠣᠷᠣᠨ ᠲᠣᠰ ᠲᠣᠰ 1980 ᠲᠥᠭᠦᠷᠢᠭ᠂ 1910 ᠲᠥᠭᠦᠷᠢᠭ᠂ 1850 ᠲᠥᠭᠦᠷᠢᠭ ᠠᠴᠠ 2270 ᠲᠥᠭᠦᠷᠢᠭ᠂ | 2200 ᠲᠥᠭᠦᠷᠢᠭ᠂ 2140 ᠲᠥᠭᠦᠷᠢᠭ ᠪᠣᠯᠤᠨ ᠳᠡᠭᠡᠭᠰᠢᠯᠡᠵᠦ᠂ ᠲᠣᠰ ᠲᠣᠰ 290 ᠲᠥᠭᠦᠷᠢᠭ ᠨᠡᠮᠡᠭᠳᠡᠪᠡ᠃ ᠪᠦᠬᠦᠯᠢ ᠡᠳᠦᠷ ᠤᠨ ᠪᠤᠰᠤ ᠠᠵᠢᠯ ᠤᠨ | ᠴᠠᠭ ᠪᠦᠷᠢ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠨᠢᠭᠡᠳᠦᠭᠡᠷ ᠲᠥᠷᠥᠯ᠂ ᠬᠤᠶᠠᠳᠤᠭᠠᠷ ᠲᠥᠷᠥᠯ᠂ | ᠭᠤᠷᠪᠠᠳᠤᠭᠠᠷ ᠲᠥᠷᠥᠯ ᠤᠨ ᠭᠠᠵᠠᠷ ᠣᠷᠣᠨ ᠲᠣᠰ ᠲᠣᠰ 20.8 ᠲᠥᠭᠦᠷᠢᠭ᠂ 20.1 ᠲᠥᠭᠦᠷᠢᠭ᠂ 19.5 ᠲᠥᠭᠦᠷᠢᠭ ᠠᠴᠠ 22.4 ᠲᠥᠭᠦᠷᠢᠭ᠂ | 21.7 ᠲᠥᠭᠦᠷᠢᠭ᠂ 21.1 ᠲᠥᠭᠦᠷᠢᠭ ᠪᠣᠯᠵᠤ᠂ ᠲᠣᠰ ᠲᠣᠰ 1.6 ᠲᠥᠭᠦᠷᠢᠭ ᠨᠡᠮᠡᠭᠳᠡᠪᠡ᠃ ᠬᠥᠬᠡᠬᠤᠲᠠ ᠶᠢᠨ ᠨᠢᠭᠡᠳᠦᠭᠡᠷ ᠲᠥᠷᠥᠯ ᠤᠨ ᠭᠠᠵᠠᠷ | ᠣᠷᠣᠨ ᠳᠤ ᠬᠤᠷᠢᠨᠭᠡᠷ ᠰᠢᠶᠠᠨ᠂ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠢ ᠴᠢᠦᠸᠠᠨ ᠲᠣᠭᠤᠷᠢᠭ᠂ ᠰᠠᠶᠢᠬᠠᠨ ᠲᠣᠭᠤᠷᠢᠭ | ᠵᠡᠷᠭᠡ 5 ᠰᠢᠶᠠᠨ ᠲᠣᠭᠤᠷᠢᠭ ᠢ ᠪᠠᠭᠲᠠᠭᠠᠵᠤ᠂ ᠬᠤᠶᠠᠳᠤᠭᠠᠷ ᠲᠥᠷᠥᠯ ᠤᠨ ᠭᠠᠵᠠᠷ ᠣᠷᠣᠨ ᠳᠤ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠴᠢᠩ | ᠱᠦᠢ ᠾᠧ ᠰᠢᠶᠠᠨ᠂ ᠦᠴᠦᠸᠠᠨ ᠰᠢᠶᠠᠨ ᠵᠡᠷᠭᠡ 4 ᠬᠤᠰᠢᠭᠤ ᠰᠢᠶᠠᠨ ᠢ ᠪᠠᠭᠲᠠᠭᠠᠨ᠎ᠠ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠪᠠᠶᠢᠬᠤ ᠦᠭᠡᠢ᠃ | ᠰᠠᠷ᠎ᠠ ᠶᠢᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢ ᠪᠦᠬᠦᠯᠢ ᠡᠳᠦᠷ ᠤᠨ ᠳᠦᠷᠢᠮᠲᠦ ᠠᠵᠢᠯ ᠤᠨ ᠬᠥᠳᠡᠯᠮᠦᠷᠢᠯᠡᠭᠴᠢᠳ ᠲᠤ ᠬᠡᠷᠡᠭᠯᠡᠵᠦ᠂ | ᠬᠥᠳᠡᠯᠮᠦᠷᠢᠯᠡᠭᠴᠢᠳ ᠬᠠᠤᠯᠢ ᠪᠠᠷ ᠲᠣᠭᠲᠠᠭᠠᠭᠰᠠᠨ ᠠᠵᠢᠯᠯᠠᠬᠤ ᠴᠠᠭ ᠪᠤᠶᠤ ᠬᠥᠳᠡᠯᠮᠦᠷᠢ ᠶᠢᠨ ᠭᠡᠷ᠎ᠡ ᠳᠤ ᠲᠣᠭᠲᠠᠭᠰᠠᠨ ᠠᠵᠢᠯᠯᠠᠬᠤ ᠴᠠᠭ ᠤᠨ ᠳᠣᠲᠣᠷ᠎ᠠ | ᠬᠥᠳᠡᠯᠮᠦᠷᠢ ᠬᠠᠩᠭᠠᠭᠰᠠᠨ ᠪᠣᠯ᠂ ᠬᠥᠮᠦᠨ ᠬᠡᠷᠡᠭᠯᠡᠬᠦ ᠨᠢᠭᠡᠴᠢ ᠶᠢᠨ ᠣᠯᠭᠤᠬᠤ ᠰᠠᠷ᠎ᠠ ᠶᠢᠨ ᠴᠠᠯᠢᠩ ᠢ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠤᠷ᠎ᠠ | ᠪᠠᠶᠢᠯᠭᠠᠵᠤ ᠪᠣᠯᠬᠤ ᠦᠭᠡᠶ᠃ ᠴᠠᠭ ᠪᠦᠷᠢ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠨᠢ ᠪᠦᠬᠦᠯᠢ ᠡᠳᠦᠷ ᠤᠨ ᠪᠤᠰᠤ ᠠᠵᠢᠯ ᠤᠨ | ᠬᠥᠳᠡᠯᠮᠦᠷᠢᠯᠡᠭᠴᠢᠳ ᠲᠤ ᠲᠣᠬᠢᠷᠠᠨ᠎ᠠ᠂ ᠲᠤᠬᠠᠶᠢᠯᠠᠪᠠᠯ ᠬᠥᠳᠡᠯᠮᠦᠷᠢᠯᠡᠭᠴᠢᠳ ᠠᠳᠠᠯᠢ ᠨᠢᠭᠡᠨ ᠬᠥᠮᠦᠨ ᠬᠡᠷᠡᠭᠯᠡᠬᠦ ᠨᠢᠭᠡᠴᠢ ᠳᠤ ᠳᠤᠮᠳᠠᠴᠢ ᠠᠵᠢᠯᠯᠠᠬᠤ ᠴᠠᠭ ᠨᠢ | 4 ᠴᠠᠭ ᠠᠴᠠ ᠬᠡᠲᠦᠷᠡᠬᠦ ᠦᠭᠡᠢ᠂ ᠭᠠᠷᠠᠭ ᠪᠦᠷᠢ ᠶᠢᠨ ᠠᠵᠢᠯᠯᠠᠬᠤ ᠴᠠᠭ ᠨᠡᠶᠢᠲᠡ 24 ᠴᠠᠭ ᠠᠴᠠ ᠬᠡᠲᠦᠷᠡᠬᠦ ᠦᠭᠡᠢ ᠪᠠᠶᠢᠳᠠᠯ ᠳᠣᠣᠷ᠎ᠠ᠂ ᠬᠥᠮᠦᠨ ᠬᠡᠷᠡᠭᠯᠡᠬᠦ | ᠨᠢᠭᠡᠴᠢ ᠶᠢᠨ ᠣᠯᠭᠤᠬᠤ ᠴᠠᠯᠢᠩ ᠨᠢ ᠴᠠᠭ ᠪᠦᠷᠢ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃ | ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠳᠤ ᠦᠨᠳᠦᠰᠦᠨ ᠨᠠᠰᠤᠵᠢᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ | ᠳᠠᠭᠠᠳᠬᠠᠯ ᠪᠣᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠲᠤᠰᠢᠶᠠᠬᠤ ᠬᠡᠰᠡᠭ ᠵᠡᠷᠭᠡ ᠪᠠᠭᠲᠠᠨ᠎ᠠ᠃ | ᠠᠵᠢᠯᠯᠠᠬᠤ ᠴᠠᠭ ᠢ ᠤᠷᠲᠤᠳᠬᠠᠬᠤ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠲᠡᠰᠬᠢᠮ᠎ᠡ ᠬᠦᠢᠲᠡᠨ᠂ ᠬᠤᠳᠳᠤᠭ | ᠳᠣᠲᠣᠷ᠎ᠠ᠂ ᠬᠤᠤᠷ ᠪᠤᠶᠤ ᠬᠥᠨᠥᠭᠡᠯ ᠲᠠᠢ ᠵᠡᠷᠭᠡ ᠣᠨᠴᠠᠭᠠᠢ ᠨᠥᠬᠦᠴᠡᠯ ᠤᠨ ᠨᠥᠬᠦᠪᠦᠷᠢ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠤᠯᠤᠰ ᠠᠴᠠ | ᠲᠣᠭᠲᠠᠭᠠᠭᠰᠠᠨ ᠬᠥᠳᠡᠯᠮᠦᠷᠢᠯᠡᠭᠴᠢᠳ ᠤᠨ ᠠᠰᠠᠷᠠᠮᠵᠢ ᠣᠯᠭᠤᠮᠵᠢ ᠵᠡᠷᠭᠡ ᠶᠢ ᠪᠠᠭᠲᠠᠭᠠᠬᠤ ᠦᠭᠡᠶ᠃ ᠬᠥᠮᠦᠨ ᠬᠡᠷᠡᠭᠯᠡᠬᠦ ᠨᠢᠭᠡᠴᠢ ᠬᠠᠮᠤᠭ ᠳᠣᠣᠷ᠎ᠠ ᠴᠠᠯᠢᠩ ᠤᠨ | ᠪᠠᠷᠢᠮᠵᠢᠶ᠎ᠠ ᠣᠯᠭᠤᠬᠤ ᠲᠣᠭᠲᠠᠭᠠᠯ ᠠᠴᠠ ᠵᠥᠷᠢᠴᠡᠭᠰᠡᠨ ᠪᠠᠶᠢᠪᠠᠯ ᠬᠥᠳᠡᠯᠮᠦᠷᠢᠯᠡᠭᠴᠢᠳ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠬᠤ ᠪᠤᠶᠤ ᠬᠠᠤᠯᠢ ᠶᠣᠰᠣᠭᠠᠷ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠨ᠂ ᠵᠠᠷᠭᠤ ᠬᠢᠵᠦ ᠪᠣᠯᠤᠨ᠎ᠠ᠃ |