ᠭᠦᠭᠡᠬᠤᠲᠠ ᠶᠢᠨ ᠠᠮᠤ ᠪᠤᠳᠠᠭᠠᠨ ᠤ ᠤᠨᠠᠯᠳᠠ 37.5 ᠳ᠋ᠦᠩᠰᠢᠭᠤᠷ ᠵᠢᠩ ᠢ ᠳᠠᠪᠠᠭ᠋ᠤ ᠪᠣᠯᠣᠨ᠎ᠠ
ᠨᠡᠶᠢᠲᠡᠯᠡᠭᠰᠡᠨ ᠴᠠᠭ᠄
2024/11/25
      ᠭᠦᠭᠡᠬᠤᠲᠠ ᠡᠨᠡ ᠵᠢᠯ ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ᠂ ᠵᠤᠨ ᠤ ᠠᠷᠠᠴᠢᠯᠠᠭ᠎ᠠ᠂ ᠨᠠᠮᠤᠷ  ᠤᠨ ᠬᠤᠷᠢᠶᠠᠯᠲᠠ ᠵᠡᠷᠭᠡ ᠲᠠᠷᠢᠶᠠᠯᠠᠩ ᠦᠢᠯᠡᠳᠪᠦᠷᠢᠯᠡᠯ ᠤᠨ ᠪᠦᠭᠦ ᠭᠤᠭᠴᠤᠭ᠎ᠠ ᠶᠢᠨ ᠠᠵᠢᠯ ᠢ ᠡᠷᠴᠢᠮᠲᠡᠢ ᠰᠠᠶᠢᠨ ᠠᠳᠬᠤᠭᠰᠠᠨ ᠢᠶᠠᠷ ᠪᠦᠭᠦ ᠬᠤᠲᠠ ᠶᠢᠨ ᠠᠮᠤ ᠪᠤᠳᠠᠭᠠᠨ ᠤ ᠲᠠᠷᠢᠮᠠᠯ ᠤᠨ ᠲᠠᠯᠠᠪᠠᠶ 565.1 ᠲᠦᠮᠡᠨ ᠮᠦ ᠳᠤ ᠬᠦᠷᠴᠦ᠂ ᠵᠢᠱᠢᠯᠲᠡ ᠪᠠᠷ ᠠᠮᠤ ᠪᠤᠳᠠᠭᠠᠨ ᠤ ᠶᠡᠷᠦᠩᠬᠡᠢ ᠤᠨᠠᠯᠲᠠ ᠨᠢ 37.5 ᠳ᠋ᠦᠩᠰᠢᠭᠤᠷ ᠵᠢᠩ ᠢ ᠳᠠᠪᠠᠭ᠋ᠤ ᠪᠣᠯᠣᠨ᠎ᠠ᠃ ᠣᠳᠣᠬᠠᠨ ᠳᠤ ᠪᠦᠭᠦ ᠬᠤᠳᠠ ᠶᠢᠨ ᠨᠠᠮᠤᠷ ᠤᠨ ᠬᠤᠷᠢᠶᠠᠯᠲᠠ ᠶᠢᠨ ᠠᠵᠢᠯ ᠨᠢᠭᠡᠨᠲᠡ ᠰᠢᠪᠲᠤᠷᠠᠭᠠᠨ ᠳᠠᠭᠠᠨ ᠣᠷᠣᠵᠤ᠂ ᠡᠷᠳᠡᠨᠢ ᠰᠢᠰᠢ ᠠᠴᠠ ᠪᠤᠰᠤᠳ ᠲᠥᠮᠥᠰᠥ᠂ ᠪᠤᠭᠤᠳᠠᠢ᠂ ᠰᠢᠷ᠎ᠠ ᠪᠤᠷᠴᠠᠭ ᠵᠡᠷᠭᠡ ᠲᠠᠷᠢᠮᠠᠯ ᠤᠨ ᠬᠤᠷᠢᠶᠠᠯᠲᠠ ᠶᠢᠨ ᠠᠵᠢᠯ ᠦᠨᠳᠦᠰᠦᠨ ᠳᠡᠭᠡᠨ ᠳᠠᠭᠤᠰᠪᠠ᠃      ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠨᠡ ᠵᠢᠯ ᠭᠦᠭᠡᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ 9 ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ ᠡᠯ᠎ᠡ ᠭᠠᠵᠠᠷ ᠲᠤ ᠬᠦᠷᠴᠦ ᠣᠷᠣᠨ ᠪᠦᠰᠡ ᠬᠤᠪᠢᠶᠠᠨ᠂ ᠲᠠᠷᠢᠮᠠᠯ ᠤᠨ ᠵᠦᠢᠯ ᠬᠤᠪᠢᠶᠠᠨ᠂ ᠵᠠᠩᠭᠢᠯᠠᠭ᠎ᠠ ᠶᠢᠨ ᠴᠠᠭ ᠤᠯᠠᠷᠢᠯ ᠲᠠᠢ ᠨᠢᠭᠲᠠ ᠤᠶᠠᠯᠳᠤᠭᠤᠯᠤᠨ ᠲᠠᠷᠢᠶᠠᠯᠠᠩ ᠦᠢᠯᠡᠳᠪᠦᠷᠢᠯᠡᠯ ᠪᠠ ᠨᠠᠮᠤᠷ ᠤᠨ ᠬᠤᠷᠢᠶᠠᠯᠲᠠ  ᠶᠢᠨ ᠦᠢᠯᠡᠴᠢᠯᠡᠭᠡᠨ ᠤ ᠠᠵᠢᠯ ᠥᠷᠨᠢᠭᠦᠯᠪᠡ᠃ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠭᠤᠷᠢᠨ ᠦᠵᠡᠵᠦ ᠲᠤᠷᠰᠢᠯᠭ᠎ᠠ ᠰᠣᠯᠢᠯᠴᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠭᠡᠯᠪᠡᠷᠢ ᠪᠠᠷ ᠲᠠᠷᠢᠶᠠᠴᠢᠳ ᠢ ᠵᠢᠯᠣᠭᠤᠳᠤᠨ ᠲᠠᠷᠢᠶᠠᠨ ᠭᠠᠵᠠᠷ ᠤᠨ ᠦᠶᠡᠷ ᠤᠰᠤᠳᠤᠯ ᠢ ᠠᠷᠭᠠᠴᠠᠭᠠᠬᠤ᠂ ᠴᠠᠭ ᠲᠤᠬᠠᠢ ᠳᠤᠨᠢ ᠬᠤᠷᠢᠶᠠᠵᠤ ᠠᠪᠬᠤ᠂ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠪᠠᠨ ᠬᠠᠳᠠᠭᠠᠵᠤ ᠬᠥᠮᠥᠷᠭᠡᠯᠡᠬᠦ ᠵᠡᠷᠭᠡ ᠮᠡᠷᠭᠡᠵᠢᠯ ᠢ ᠴᠢᠭᠯᠡᠭᠦᠯᠦᠯᠲᠦ ᠴᠢᠨᠠᠷᠲᠠᠢ  ᠪᠠᠷ ᠡᠵᠡᠮᠰᠢᠭᠦᠯᠵᠦ᠂ 1000 ᠭᠠᠷᠤᠢ ᠬᠤᠪᠢ ᠲᠠᠷᠢᠶᠠᠯᠠᠩ ᠦᠢᠯᠡᠳᠪᠦᠷᠢᠯᠡᠯ ᠤᠨ ᠵᠢᠯᠣᠭᠤᠳᠤᠮᠵᠢ ᠶᠢᠨ ᠭᠠᠷ ᠠᠪᠤᠯᠭ᠎ᠠ ᠲᠠᠷᠬᠠᠭᠠᠨ᠂ ᠲᠠᠷᠢᠶᠠᠯᠠᠩ ᠦᠢᠯᠡᠳᠪᠦᠷᠢᠯᠡᠯ ᠪᠣᠯᠣᠨ ᠨᠠᠮᠤᠷ ᠤᠨ ᠬᠤᠷᠢᠶᠠᠯᠲᠠ ᠶᠢᠨ ᠵᠠᠩᠭᠢᠯᠠᠭ᠎ᠠ ᠶᠢᠨ ᠮᠡᠷᠭᠡᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠪᠡ᠃      ᠭᠠᠮᠰᠢᠭ ᠢ ᠰᠡᠷᠭᠡᠶᠢᠯᠡᠵᠦ ᠭᠠᠮᠰᠢᠭ ᠠᠴᠠ ᠪᠤᠯᠤᠭᠰᠠᠨ ᠬᠤᠬᠢᠷᠠᠯ ᠢ ᠪᠠᠭᠠᠰᠬᠠᠬᠤ ᠶᠢᠨ ᠲᠥᠯᠥᠭᠡ᠂ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠵᠦ᠂ 10 ᠤᠳᠠᠭ᠎ᠠ ᠶᠢᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠪᠠ 4 ᠬᠤᠭᠤᠴᠠᠭ᠎ᠠ ᠶᠢᠨ ᠨᠠᠮᠤᠷ ᠤᠨ ᠬᠤᠷᠢᠶᠠᠯᠲᠠ ᠶᠢᠨ ᠲᠤᠰᠬᠠᠢ ᠮᠡᠳᠡᠭᠡᠯᠡᠯ ᠢ ᠭᠠᠷ ᠤᠲᠠᠰᠤᠨ ᠤ ᠣᠬᠤᠷ ᠴᠢᠮᠡᠭᠡ ᠪᠠᠷ ᠢᠯᠡᠭᠡᠬᠦ᠂ ᠵᠢᠷᠭᠢᠶ᠎ᠡ ᠶᠢᠨ ᠨᠡᠶᠢᠳᠡ ᠶᠢᠨ ᠲᠠᠪᠴᠠᠩ ᠳᠤ ᠨᠡᠶᠢᠲᠡᠯᠡᠬᠦ ᠵᠡᠷᠭᠡ ᠭᠡᠯᠪᠡᠷᠢ ᠪᠠᠷ ᠲᠠᠷᠢᠶᠠᠴᠢᠳ ᠲᠤ ᠮᠡᠳᠡᠭᠳᠡᠵᠦ᠂ ᠴᠠᠭ ᠠᠭᠤᠷ ᠤᠨ ᠪᠠᠶᠢᠳᠠᠯ ᠲᠠᠢ ᠤᠶᠠᠯᠳᠤᠭᠤᠯᠤᠨ ᠵᠣᠬᠢᠰᠲᠠᠢ ᠰᠠᠨᠠᠯ ᠰᠠᠨᠠᠭᠤᠯᠭ᠎ᠠ ᠥᠭᠪᠡ᠃ ᠭᠠᠮᠰᠢᠭ ᠤᠨ ᠪᠠᠶᠢᠳᠠᠯ ᠢ ᠪᠠᠶᠢᠴᠠᠭᠠᠵᠤ ᠡᠵᠡᠮᠳᠡᠬᠦ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠲᠠᠷᠢᠮᠠᠯ ᠤᠨ ᠭᠠᠮᠰᠢᠭᠳᠠᠭᠰᠠᠨ ᠲᠠᠯᠠᠪᠠᠢ ᠶᠢ ᠪᠦᠭᠦ ᠲᠠᠯ᠎ᠠ ᠪᠠᠷ ᠡᠵᠡᠮᠰᠢᠨ᠂ ᠴᠢᠭᠯᠡᠭᠦᠯᠦᠯᠲᠦ ᠴᠢᠨᠠᠷᠲᠠᠢ ᠪᠠᠷ ᠭᠠᠮᠰᠢᠭ ᠠᠴᠠ ᠪᠣᠯᠤᠭᠰᠠᠨ ᠬᠤᠬᠢᠷᠠᠯ ᠢ ᠪᠠᠭᠠᠰᠬᠠᠬᠤ ᠵᠢᠯᠣᠭᠤᠳᠤᠯᠭ᠎ᠠ ᠬᠠᠩᠭᠠᠪᠠ᠃ ᠡᠭᠦᠨ ᠤ ᠵᠡᠷᠭᠡ ᠪᠠᠷ ᠲᠠᠷᠢᠶᠠᠯᠠᠩ ᠤᠨ ᠳᠠᠭᠠᠳᠬᠠᠯ ᠤᠨ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ ᠳᠠᠭᠠᠳᠬᠠᠯ ᠤᠨ ᠺᠤᠮᠫᠠᠨᠢ ᠠᠴᠠ ᠴᠠᠭ ᠲᠤᠬᠠᠢ ᠳᠤᠨᠢ ᠲᠤᠭ᠎ᠠ ᠶᠣᠰᠣᠭᠠᠷ ᠲᠥᠯᠥᠪᠦᠷᠢ ᠣᠯᠭᠤᠬᠤ ᠶᠢ ᠱᠠᠯᠠᠪᠳᠠᠭᠤᠯᠤᠨ᠂ ᠲᠠᠷᠢᠶᠠᠴᠢᠳ ᠤᠨ ᠬᠤᠬᠢᠷᠠᠯ ᠢ ᠦᠨᠡᠨ ᠬᠦ ᠪᠠᠭᠠᠰᠬᠠᠵᠠᠢ᠃      ᠮᠠᠰᠢᠨ ᠢᠶᠠᠷ ᠲᠠᠷᠢᠶ᠎ᠠ ᠲᠥᠮᠥᠰᠥ ᠪᠠᠨ ᠬᠠᠳᠤᠵᠤ ᠬᠤᠷᠢᠶᠠᠬᠤ ᠠᠵᠢᠯ ᠢ ᠰᠠᠶᠢᠲᠤᠷ ᠪᠠᠲᠤᠯᠠᠬᠤ ᠶᠢᠨ ᠲᠥᠯᠥᠭᠡ᠂ ᠲᠠᠷᠢᠶᠠᠯᠠᠩ ᠤᠨ ᠮᠠᠰᠢᠨ ᠤ ᠪᠠᠴᠢᠮ ᠪᠠᠶᠢᠳᠠᠯ ᠢ ᠠᠷᠭᠠᠴᠠᠭᠠᠬᠤ 22 ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠨᠠᠮᠤᠷ ᠤᠨ ᠬᠤᠷᠢᠶᠠᠯᠲᠠ ᠶᠢᠨ 215 ᠲᠤᠰᠬᠠᠢ ᠬᠤᠷᠰᠢᠶ᠎ᠠ ᠪᠠᠶᠢᠭᠤᠯᠤᠨ ᠨᠠᠮᠤᠷ ᠤᠨ ᠬᠤᠷᠢᠶᠠᠯᠲᠠ ᠶᠢᠨ ᠮᠠᠰᠢᠨ ᠲᠥᠬᠦᠭᠡᠷᠦᠮᠵᠢ ᠶᠢ 6 ᠲᠦᠮᠡ ᠭᠠᠷᠤᠢ ᠢᠵᠢ ᠨᠠᠶᠢᠳᠠᠪᠤᠷᠢᠵᠢᠭᠤᠯᠵᠤ᠂ ᠮᠠᠰᠢᠨ ᠢᠶᠠᠷ ᠲᠠᠷᠢᠶ᠎ᠠ ᠲᠥᠮᠥᠰᠥ ᠪᠠᠨ ᠬᠠᠳᠤᠵᠤ ᠬᠤᠷᠢᠶᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠦᠭᠦ ᠬᠦᠴᠦᠨ ᠢᠶᠠᠷ ᠢᠶᠠᠨ ᠪᠠᠲᠤᠯᠠᠪᠠ᠃ ᠵᠠᠷᠢᠮ ᠲᠠᠷᠢᠶᠠᠨ ᠭᠠᠵᠠᠷ ᠤᠰᠤᠳᠤᠵᠤ ᠴᠢᠭᠢᠭ ᠶᠡᠬᠡᠲᠡᠢ ᠪᠠᠶᠢᠳᠠᠯ ᠳᠤ ᠴᠢᠭᠯᠡᠭᠦᠯᠦᠨ 20 ᠭᠠᠷᠤᠢ ᠰᠠᠭᠤᠷᠢ ᠭᠢᠨᠵᠢᠲᠦ ᠬᠠᠳᠤᠵᠤ ᠬᠤᠷᠢᠶᠠᠬᠤ ᠮᠠᠰᠢᠨ ᠢ ᠣᠷᠣᠭᠤᠯᠤᠨ ᠠᠪᠴᠢᠷᠠᠵᠤ᠂ ᠲᠠᠷᠢᠶᠠᠴᠢᠳ ᠤᠨ ᠲᠠᠷᠢᠶ᠎ᠠ ᠲᠥᠮᠥᠰᠥ ᠪᠠᠨ ᠵᠠᠪᠳᠤᠵᠤ ᠬᠤᠷᠢᠶᠠᠬᠤ ᠳᠤ ᠳᠡᠮᠵᠢᠯᠭᠡ ᠦᠵᠡᠭᠦᠯᠵᠡᠢ᠃ ᠪᠠᠰᠠ 200 ᠭᠠᠷᠤᠢ ᠲᠠᠷᠢᠶᠠᠴᠢᠨ ᠳᠤ ᠲᠤᠬᠠᠢ ᠶᠢᠨ ᠲᠠᠯᠠᠪᠤᠷ ᠤᠨ ᠮᠠᠰᠢᠨ ᠢᠶᠠᠷ ᠬᠠᠳᠤᠵᠤ ᠬᠤᠷᠢᠶᠠᠬᠤ ᠪᠣᠯᠪᠠᠰᠤᠷᠠᠯ ᠬᠦᠷᠲᠡᠭᠡᠨ᠂ ᠪᠦᠭᠦ ᠶᠠᠪᠤᠴᠠ ᠶᠢᠨ ᠮᠠᠰᠢᠨᠴᠢᠯᠠᠭᠰᠠᠨ ᠬᠠᠳᠤᠵᠤ ᠬᠤᠷᠢᠶᠠᠬᠤ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠲᠠᠷᠢᠶᠠᠴᠢᠳ ᠤᠨ ᠲᠠᠷᠢᠶᠠᠯᠠᠩ ᠤᠨ ᠮᠠᠰᠢᠨ ᠢ ᠵᠢᠯᠤᠭᠤᠳᠬᠤ ᠮᠡᠷᠭᠡᠵᠢᠯ ᠲᠦᠪᠰᠢᠨ ᠢ ᠳᠡᠭᠡᠭᠰᠢᠯᠡᠭᠦᠯᠦᠨ᠂ ᠬᠠᠳᠤᠵᠤ ᠬᠤᠷᠢᠶᠠᠬᠤ ᠶᠠᠪᠤᠴᠠ ᠶᠢᠨ ᠬᠤᠬᠢᠷᠠᠯ ᠢ ᠴᠢᠳᠠᠬᠤ ᠶᠢᠨ ᠳᠣᠲᠣᠷ᠎ᠠ ᠪᠠᠭᠠᠰᠬᠠᠪᠠ᠃ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠠᠷᠢᠶᠠᠴᠢᠳ ᠤᠨ ᠠᠮᠤ ᠪᠤᠳᠠᠭ᠎ᠠ ᠪᠠᠨ ᠰᠢᠨᠵᠢᠯᠡᠬᠦ ᠤᠬᠠᠭᠠᠨᠴᠢ  ᠪᠠᠷ ᠬᠠᠳᠠᠭᠠᠵᠤ ᠬᠥᠮᠥᠷᠭᠡᠯᠡᠬᠦ ᠶᠢ ᠵᠢᠭᠠᠨ ᠵᠢᠯᠤᠭᠤᠳᠴᠤ᠂ ᠬᠥᠮᠥᠷᠭᠡᠯᠡᠵᠦ ᠨᠥᠭᠡᠴᠡᠯᠡᠬᠦ ᠭᠤᠭᠴᠤᠭ᠎ᠠ ᠶᠢᠨ ᠬᠤᠬᠢᠷᠠᠯ ᠢ ᠠᠯᠢ ᠴᠢᠳᠠᠬᠤ ᠪᠠᠷ ᠪᠠᠭᠠᠰᠬᠠᠵᠠᠢ᠃ ᠡᠭᠦᠨ ᠤ ᠵᠡᠷᠭᠡ ᠪᠠᠷ ᠡᠷᠳᠡᠨᠢ ᠰᠢᠰᠢ ᠰᠢᠷ᠎ᠠ ᠪᠤᠷᠴᠠᠭ ᠲᠥᠮᠥᠰᠥ ᠶᠢᠨ ᠨᠥᠬᠦᠪᠦᠷᠢ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠪᠠᠲᠤᠯᠠᠬᠤ ᠨᠥᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤ ᠲᠤᠰᠤᠨ ᠤ ᠲᠠᠷᠢᠮᠠᠯ ᠤᠨ ᠵᠦᠢᠯ ᠤᠨ ᠪᠣᠬᠢᠷᠳᠤᠯ ᠦᠭᠡᠢ ᠥᠨᠳᠥᠷ ᠤᠨᠠᠯᠳᠠ ᠲᠠᠢ ᠥᠨᠳᠥᠷ ᠦᠷ᠎ᠡ ᠠᠰᠢᠭᠲᠠᠢ ᠪᠠᠶᠢᠬᠤ ᠶᠢ ᠪᠠᠲᠤᠯᠠᠬᠤ᠂ ᠠᠮᠤ ᠲᠤᠰᠤᠨ ᠤ ᠲᠠᠷᠢᠮᠠᠯ ᠤᠨ ᠬᠡᠪᠴᠢᠶ᠎ᠡ ᠪᠠ ᠮᠦ ᠨᠢᠭᠡᠴᠢ ᠶᠢᠨ ᠤᠨᠠᠯᠳᠠ ᠶᠢ ᠨᠡᠮᠡᠭᠳᠡᠭᠦᠯᠬᠦ ᠵᠡᠷᠭᠡ ᠲᠦᠷᠦᠯ ᠵᠦᠢᠯ ᠢ ᠰᠠᠶᠢᠲᠤᠷ ᠠᠳᠬᠤᠨ᠂ ᠲᠦᠷᠦᠯ ᠵᠦᠢᠯ ᠤᠨ ᠪᠡᠯᠡ ᠮᠥᠩᠭᠦ ᠶᠢᠨ ᠠᠮᠤ ᠪᠤᠳᠠᠭᠠᠨ ᠤ ᠤᠨᠠᠯᠳᠠ ᠶᠢ ᠲᠣᠭᠲᠠᠪᠤᠷᠢᠵᠢᠭᠤᠯᠤᠨ ᠤᠨᠠᠯᠳᠠ ᠶᠢ ᠨᠡᠮᠡᠭᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ