2024 ᠣᠨ ᠤ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠶᠢᠨ ᠨᠢᠳᠤᠷᠭᠠᠨ ᠡᠷᠳᠡᠮ ᠤᠨ ᠤᠷᠤᠯᠳᠤᠭᠠᠨ ᠤ ᠰᠣᠯᠢᠯᠴᠠᠭᠠᠨ ᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/11/25
1125.jpg
      11 ᠳ᠋ᠦ᠋ᠭᠡᠷ ᠰᠠᠷ᠎ᠠ ᠶᠢᠨ 23 ᠤ ᠡᠳᠦᠷ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ ᠭᠤᠷᠪᠠᠨ ᠭᠠᠵᠠᠷ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ 2024 ᠣᠨ ᠤ ᠬᠥᠬᠡᠬᠤᠲᠠ ᠪᠤᠭᠤᠲᠤ ᠣᠷᠳᠣᠰ ᠤᠨ ᠭᠤᠷᠪᠠᠨ ᠬᠤᠲᠠ ᠶᠢᠨ ᠨᠢᠳᠤᠷᠭᠠᠨ ᠡᠷᠳᠡᠮ ᠤᠨ ᠤᠷᠤᠯᠳᠤᠭᠠᠨ ᠤ ᠰᠣᠯᠢᠯᠴᠠᠭᠠᠨ ᠤ ᠠᠵᠢᠯᠯᠠᠭ᠎ᠠ ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ︵ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠰᠤᠷᠭᠠᠭᠤᠯᠢ︶ ᠳᠤ ᠶᠠᠪᠤᠭᠳᠠᠪᠠ᠃      ᠤᠷᠤᠯᠳᠤᠭᠠᠨ ᠢ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠪᠠ ᠪᠠᠭ᠎ᠠ ᠰᠤᠷᠭᠠᠭᠤᠯᠢ ᠶᠢᠨ ᠳᠤᠭᠤᠶᠢᠯᠠᠩ ᠭᠡᠵᠦ ᠬᠤᠶᠠᠷ ᠳᠤᠭᠤᠶᠢᠯᠠᠩ ᠬᠤᠪᠢᠶᠠᠵᠤ᠂ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠠᠴᠠ ᠢᠷᠡᠭᠰᠡᠨ 40 ᠳᠤᠮᠳᠠᠳᠤ ᠪᠠᠭ᠎ᠠ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠶᠢᠨ 500 ᠭᠠᠷᠤᠢ ᠰᠤᠷᠤᠭᠴᠢ ᠣᠷᠣᠯᠴᠠᠵᠤ᠂ ᠤᠷᠤᠯᠳᠤᠭᠠᠨ ᠤ ᠵᠦᠢᠯ ᠳᠤ ᠨᠡᠶᠢᠲᠡ ᠶᠢᠨ ᠦᠨᠳᠦᠰᠦᠨ ᠪᠣᠯᠪᠠᠰᠤᠷᠠᠯ᠂ ᠨᠡᠶᠢᠲᠡ ᠶᠢᠨ  ᠨᠢᠳᠤᠷᠭᠠᠨ ᠡᠷᠳᠡᠮ ᠤᠨ ᠲᠠᠮᠢᠷ᠂ ᠬᠤᠪᠢ ᠬᠥᠮᠦᠨ ᠤ ᠨᠢᠳᠤᠷᠭᠠᠨ ᠡᠷᠳᠡᠮ ᠵᠡᠷᠭᠡ ᠶᠢ ᠪᠠᠭᠲᠠᠭᠠᠵᠠᠢ᠃      ᠬᠥᠬᠡᠬᠤᠲᠠ ᠶᠢᠨ ᠰᠤᠷᠭᠠᠨ ᠬᠦᠮᠦᠵᠢᠯ ᠤᠨ ᠲᠣᠪᠴᠢᠶᠠᠨ ᠤ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠬᠤᠸᠠᠩ ᠶᠦᠩ ᠱᠧᠩ ᠠᠴᠠ ᠲᠣᠰ ᠤᠳᠠᠭᠠᠨ ᠤ ᠤᠷᠤᠯᠳᠤᠭᠠᠨ ᠪᠣᠯ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢ ᠴᠢᠩᠭᠠᠳᠬᠠᠬᠤ ᠶᠢᠨ ᠦᠷᠭᠦᠯᠵᠢᠯᠡᠯ ᠮᠥᠨ᠂ ᠮᠥᠨ ᠴᠦ ᠰᠤᠷᠤᠭᠴᠢᠳ ᠪᠡᠶ᠎ᠡ ᠲᠠᠮᠢᠷ ᠠᠴᠠ ᠪᠠᠶᠠᠷ ᠪᠠᠭ᠋ᠠᠳᠤᠯ ᠬᠦᠷᠲᠡᠵᠦ᠂ ᠪᠡᠶ᠎ᠡ ᠮᠠᠬᠠᠪᠣᠳ ᠢᠶᠠᠨ ᠴᠢᠬᠢᠷᠠᠭᠵᠢᠭᠤᠯᠵᠤ ᠪᠣᠯᠣᠨ᠎ᠠ᠃ ᠡᠭᠦᠨ ᠤ ᠬᠠᠮᠲᠤ ᠡᠶᠢᠮᠦᠷᠬᠦᠤ ᠠᠵᠢᠯᠯᠠᠭ᠎ᠠ ᠪᠠᠷ ᠳᠠᠮᠵᠢᠭᠤᠯᠤᠨ ᠬᠥᠬᠡᠬᠤᠲᠠ ᠪᠤᠭᠤᠲᠤ ᠣᠷᠳᠣᠰ ᠭᠤᠷᠪᠠᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠲᠠᠮᠢᠷ ᠤᠨ ᠵᠢᠭᠠᠨ ᠰᠤᠷᠭᠠᠯᠲᠠ ᠶᠢᠨ ᠲᠠᠯ᠎ᠠ ᠶᠢᠨ ᠬᠠᠷᠢᠯᠴᠠᠨ ᠣᠶᠢᠯᠠᠭᠠᠯᠴᠠᠬᠤ ᠪᠠ ᠬᠠᠷᠢᠯᠴᠠᠨ ᠰᠤᠷᠤᠯᠴᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠨᠢᠳᠤᠷᠭᠠᠨ ᠡᠷᠳᠡᠮ ᠤᠨ ᠬᠥᠳᠡᠯᠭᠡᠭᠡᠨ ᠢ ᠳᠤᠮᠳᠠᠳᠤ ᠪᠠᠭ᠎ᠠ ᠰᠤᠷᠭᠠᠭᠤᠯᠢ ᠳᠤ ᠲᠦᠭᠡᠮᠡᠯᠵᠢᠭᠦᠯᠬᠦ ᠪᠠ ᠬᠥᠭᠵᠢᠭᠦᠯᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠬᠡᠵᠡᠢ᠃      ᠰᠤᠷᠪᠤᠯᠵᠢᠯᠠᠭᠴᠢ ᠶᠠᠨ ᠰᠢᠨ ᠰᠡᠭᠦᠲᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ