ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ 7131.05 ᠲᠦᠮᠡᠨ ᠲᠥᠭᠦᠷᠢᠭ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ ᠮᠥᠩᠭᠦ  ᠪᠠᠭᠤᠯᠭᠠᠪᠠ
ᠨᠡᠶᠢᠲᠡᠯᠡᠭᠰᠡᠨ ᠴᠠᠭ᠄
2024/11/26
       ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠵᠢᠶᠠᠩ ᠮᠢᠨ ᠶᠠᠨ︶ 11 ᠳ᠋ᠦ᠋ᠭᠡᠷ ᠰᠠᠷ᠎ᠠ ᠶᠢᠨ 22 ᠤ ᠡᠳᠦᠷ ᠪᠣᠯᠲᠠᠯ᠎ᠠ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠣᠪᠴᠢᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ ᠮᠥᠩᠭᠦ 7131.05 ᠲᠦᠮᠡᠨ ᠲᠥᠭᠦᠷᠢᠭ ᠪᠠᠭᠤᠯᠭᠠᠵᠤ᠂ ᠪᠡᠯᠡ ᠮᠦᠩᠭᠦ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠦᠲᠦᠭᠡᠨ ᠪᠠᠶᠢᠭᠤᠯᠬᠤ᠂ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠤᠨ ᠪᠣᠭᠤᠮᠲᠠ ᠰᠢᠪᠲᠤᠯᠬᠤ ᠵᠡᠷᠭᠡ ᠲᠠᠯ᠎ᠠ ᠳᠤ ᠬᠤᠯᠪᠣᠭᠳᠠᠭᠰᠠᠨ ᠪᠠᠶᠢᠨ᠎ᠠ᠃ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠪᠠᠭᠤᠯᠭᠠᠭᠰᠠᠨ ᠨᠢ ᠡᠳ᠋ ᠤᠨ ᠵᠠᠰᠠᠭ ᠤᠨ ᠪᠠᠯᠠ ᠮᠥᠩᠭᠦ ᠶᠢᠨ ︽ᠭᠦᠰᠢᠭᠦᠷᠭᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ ᠮᠡᠷᠭᠡᠵᠢᠯ ᠤᠨ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠲᠦᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠳᠤ ᠠᠰᠢᠭᠲᠠᠶ ᠶᠤᠮ᠃      ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ  ᠲᠤᠰᠬᠠᠶ ᠪᠠᠯᠠ ᠮᠥᠩᠭᠦ ᠶᠢ ᠳᠠᠩᠰᠠ ᠰᠢᠯᠵᠢᠭᠦᠯᠦᠨ ᠥᠭᠬᠦ᠂ ᠢᠯᠭᠠᠷᠠᠭᠤᠯᠤᠨ ᠪᠤᠳᠤᠬᠤ ᠪᠠᠷ ᠳᠠᠮᠵᠢᠭᠤᠯᠤᠨ᠂ ᠪᠠᠯᠠ ᠮᠥᠩᠭᠦ ᠶᠢ ᠴᠠᠭ ᠲᠤᠬᠠᠶ ᠳᠤᠨᠢ ᠰᠢᠯᠵᠢᠭᠦᠯᠦᠨ ᠥᠭᠴᠦ᠂ ᠲᠤᠰᠠᠭᠠᠷ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨ ᠬᠦ ᠪᠠᠲᠤᠯᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠯᠠ ᠮᠥᠩᠭᠦ ᠶᠢᠨ ︽ᠰᠢᠭᠤᠳ ᠨᠡᠪᠲᠡᠷᠡᠬᠦ︾ ᠶᠢ ᠪᠡᠶᠡᠯᠡᠭᠦᠯᠪᠡ᠃ ᠡᠭᠦᠨ ᠤ ᠬᠠᠮᠲᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ᠲᠥᠰᠦᠪ ᠤᠨ ᠨᠢᠭᠡᠴᠢ ᠶᠢᠨ ︽ᠦᠷ᠎ᠡ ᠪᠦᠲᠦᠮᠵᠢ ᠶᠢ ᠡᠷᠬᠢᠮᠯᠡᠨ ᠬᠠᠷᠢᠭᠤᠴᠠᠯᠭ᠎ᠠ ᠨᠡᠬᠡᠮᠵᠢᠯᠡᠬᠦ︾ ᠣᠶᠢᠯᠠᠭᠠᠭᠳᠠᠬᠤᠨ ᠢ ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠷ ᠤᠳᠤᠷᠢᠳᠤᠮᠵᠢ ᠪᠣᠯᠭᠠᠵᠤ᠂  ᠪᠡᠯᠡ ᠮᠥᠩᠭᠦ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ