ᠬᠥᠬᠡᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/11/26
ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠬᠥᠬᠡᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                2024 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ                                         ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶                         ᠬᠥᠬᠡᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ       ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ  ᠰᠢᠨ᠎ᠡ ᠬᠥᠭᠵᠢᠯᠲᠡ ᠶᠢᠨ ᠤᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠤᠯ ᠰᠢᠵᠢᠮ ᠢ ᠪᠠᠲᠤ ᠡᠵᠡᠮᠳᠡᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠥᠨᠳᠥᠷ ᠪᠦᠲᠦᠮᠵᠢᠲᠡᠶ ᠪᠠᠷ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ᠂ ᠨᠡᠭᠡᠭᠡᠨ ᠬᠥᠭᠵᠢᠭᠦᠯᠬᠦ ᠵᠢᠴᠢ ᠬᠡᠷᠡᠭᠯᠡᠬᠦ ᠶᠢ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠵᠢᠴᠢ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯᠯᠠᠭ᠎ᠠ ᠳᠤ ᠲᠣᠰ ᠠᠷᠭ᠎ᠠ ᠶᠢ ᠬᠡᠷᠡᠭᠯᠡᠨ᠎ᠡ᠃ ᠤᠯᠤᠰ ᠤᠨ ᠨᠢᠭᠤᠴᠠ ᠳᠤ ᠬᠤᠯᠪᠣᠭᠳᠠᠬᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠭᠤᠷᠪᠠᠳᠤᠭᠠᠷ ᠵᠦᠢᠯ  ᠲᠣᠰ ᠠᠷᠭ᠎ᠠ ᠳᠤ ᠬᠤᠯᠪᠣᠭᠳᠠᠬᠤ ᠬᠠᠮᠢᠶ᠎ᠡ ᠪᠦᠬᠦᠢ ᠬᠡᠯᠡᠯᠭᠡ ᠨᠢ ᠳᠣᠤᠷᠠᠬᠢ ᠮᠡᠲᠦ᠄      ︵ᠨᠢᠭᠡ︶᠂ ᠤᠯᠠᠨ ᠨᠡᠶᠢᠳᠡ ᠶᠢᠨ ᠲᠤᠭ᠎ᠠ ᠪᠠᠷᠢᠮᠳᠠ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ ᠬᠠᠤᠯᠢ ᠲᠤᠭᠳᠠᠭᠠᠯ ᠠᠴᠠ ᠡᠷᠭᠡ ᠤᠯᠭᠤᠭᠰᠠᠨ ᠤᠯᠠᠨ ᠨᠡᠶᠢᠳᠡ ᠶᠢᠨ ᠬᠡᠷᠡᠭ ᠶᠠᠪᠤᠳᠠᠯ ᠤᠨ ᠬᠠᠮᠢᠶᠠᠷᠤᠯᠳᠠ ᠪᠠ ᠦᠢᠯᠡᠴᠢᠯᠡᠭᠡᠨ ᠤ ᠡᠭᠦᠷᠭᠡ ᠴᠢᠳᠠᠪᠤᠷᠢ ᠲᠠᠢ ᠪᠠᠶᠢᠭᠤᠯᠤᠮᠵᠢ ︵ᠳᠤᠷᠤᠭᠰᠢ        ︽ᠤᠯᠠᠨ ᠨᠡᠶᠢᠳᠡ ᠶᠢᠨ ᠬᠠᠮᠢᠶᠠᠷᠤᠯᠳᠠ ᠪᠠ ᠦᠢᠯᠡᠴᠢᠯᠡᠭᠡᠨ ᠤ ᠪᠠᠶᠢᠭᠤᠯᠤᠮᠵᠢ︾ ᠭᠡᠵᠦ ᠲᠤᠪᠴᠢᠯᠠᠨ᠎ᠠ︶ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠨ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠠᠪᠤᠴᠠ ᠳᠤ ᠴᠤᠭᠯᠠᠭᠤᠯᠤᠭᠰᠠᠨ᠂ ᠪᠤᠢ ᠪᠣᠯᠤᠭᠰᠠᠨ ᠡᠯ᠎ᠡ ᠲᠦᠷᠦᠯ ᠤᠨ ᠲᠤᠭ᠎ᠠ ᠪᠠᠷᠢᠮᠲᠠ ᠵᠢᠴᠢ ᠪᠤᠰᠤᠳ ᠪᠠᠶᠢᠭᠤᠯᠤᠮᠵᠢ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤᠮᠳᠠ ᠴᠤᠭᠯᠠᠭᠤᠯᠤᠭᠰᠠᠨ᠂ ᠪᠤᠢ ᠪᠣᠯᠤᠭᠰᠠᠨ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠡᠯ᠎ᠡ ᠲᠦᠷᠦᠯ ᠤᠨ ᠲᠤᠭ᠎ᠠ ᠪᠠᠷᠢᠮᠲᠠ ᠶᠢ ᠵᠢᠭᠠᠵᠤ ᠪᠠᠶᠢᠨ᠎ᠠ᠃      ︵ᠬᠤᠶᠠᠷ︶ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠭᠡᠳᠡᠭ ᠨᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠶᠠᠮᠠᠷ ᠨᠢᠭᠡᠨ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠤᠯᠢ ᠪᠠᠷ ᠲᠣᠭᠲᠠᠭᠠᠭᠰᠠᠨ ᠴᠤᠭᠯᠠᠭᠤᠯᠬᠤ ᠰᠠᠯᠠᠭ᠎ᠠ ᠮᠥᠴᠢᠷ ᠢ ᠵᠢᠭᠠᠵᠤ ᠪᠠᠶᠢᠨ᠎ᠠ᠃      ︵ᠭᠤᠷᠪᠠ︶ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠭᠤᠤᠯ ᠴᠣᠭᠴᠠ ᠭᠡᠳᠡᠭ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠯᠠᠪᠯᠠᠬᠤ᠂ ᠬᠡᠷᠡᠭᠯᠡᠬᠦ ᠪᠠ ᠠᠰᠢᠭᠯᠠᠬᠤ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠣᠯᠤᠨ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃      ︵ᠲᠦᠷᠪᠡ︶ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠭᠡᠳᠡᠭ ᠨᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠶᠢᠨ ᠲᠦᠯᠦᠭᠡ᠂ ᠪᠤᠰᠤᠳ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠭ᠎ᠠ ᠪᠠᠷᠢᠮᠲᠠ ᠶᠢ ᠬᠠᠤᠯᠢ ᠶᠣᠰᠣᠭᠠᠷ ᠬᠡᠷᠡᠭᠯᠡᠬᠦ᠂ ᠡᠰᠡᠬᠦᠯ᠎ᠡ ᠪᠤᠰᠤᠳ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠤ ᠲᠤᠭ᠎ᠠ ᠪᠠᠷᠢᠮᠲᠠ᠂ ᠲᠤᠭ᠎ᠠ ᠪᠠᠷᠢᠮᠲᠠ ᠶᠢᠨ ᠦᠢᠯᠡᠴᠢᠯᠡᠭᠡ ᠬᠠᠩᠭᠠᠬᠤ ᠠᠵᠢᠯᠯᠠᠭ᠎ᠠ ᠶᠢ ᠵᠢᠭᠠᠵᠤ ᠪᠠᠶᠢᠨ᠎ᠠ᠃      ︵ᠲᠠᠪᠤ︶ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠭᠡᠳᠡᠭ ᠨᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠠᠴᠠ ᠬᠠᠤᠯᠢ ᠶᠣᠰᠣᠭᠠᠷ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠳᠤ ᠠᠩᠬᠠᠨ ᠤ ᠴᠢᠨᠠᠷᠲᠠᠶ᠂ ᠮᠠᠰᠢᠨ ᠢᠶᠠᠷ ᠤᠩᠰᠢᠵᠤ ᠪᠣᠯᠬᠤ᠂ ᠨᠡᠶᠢᠭᠡᠮᠴᠢᠯᠡᠨ ᠳᠠᠬᠢᠨ ᠠᠰᠢᠭᠯᠠᠬᠤ ᠪᠣᠯᠬᠤ ᠲᠤᠭ᠎ᠠ ᠪᠠᠷᠢᠮᠲᠠ ᠬᠠᠩᠭᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃      ᠳᠥᠷᠪᠡᠳᠦᠭᠡᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠨᠢ ᠨᠢᠭᠡᠳᠦᠯᠲᠡᠶ ᠲᠥᠯᠥᠪᠵᠢᠭᠦᠯᠬᠦ᠂ ᠡᠷᠴᠢᠮᠵᠢᠭᠦᠯᠦᠨ ᠪᠦᠲᠦᠭᠡᠨ ᠪᠠᠶᠢᠭᠤᠯᠬᠤ᠂ ᠬᠡᠷᠡᠭᠴᠡᠭᠡ ᠶᠣᠰᠣᠭᠠᠷ ᠬᠠᠮᠲᠤ ᠳᠤ ᠪᠠᠨ ᠡᠳ᠋ᠯᠡᠬᠦ᠂ ᠡᠮᠬᠢ ᠵᠢᠷᠤᠮ ᠲᠠᠢ ᠨᠡᠭᠡᠭᠡᠯᠲᠡ ᠬᠢᠬᠦ᠂ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ᠂ ᠠᠮᠤᠷ ᠲᠦᠪᠰᠢᠨ ᠡᠵᠡᠮᠳᠡᠵᠦ ᠪᠣᠯᠬᠤ ᠵᠠᠷᠴᠢᠮ ᠢ ᠵᠢᠷᠤᠮᠯᠠᠬᠤ ᠬᠡᠷᠡᠭᠲᠡᠶ᠃      ᠲᠠᠪᠤᠳᠤᠭᠠᠷ ᠵᠦᠢᠯ  ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠪᠣᠯ ᠬᠤᠲᠠ ᠶᠢᠨ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠᠶᠢᠵᠤ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠬᠦ ᠶᠢ ᠬᠠᠷᠢᠭᠤᠴᠠᠵᠤ᠂ ᠠᠵᠢᠯ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠳᠡᠭᠦᠯᠳᠡᠷᠵᠢᠭᠦᠯᠦᠨ᠎ᠡ︔ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠡᠭᠦᠷᠭᠡ ᠪᠠ ᠱᠠᠭᠠᠷᠳᠠᠯᠭ᠎ᠠ ᠳᠤᠷᠠᠳᠤᠨ᠎ᠠ︔ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠦᠴᠢᠷ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠬᠤ᠂ ᠬᠠᠮᠢᠶᠠᠷᠬᠤ ᠶᠢ ᠬᠠᠷᠢᠭᠤᠴᠠᠨ ᠵᠢᠯᠤᠭᠤᠳᠴᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠤᠨ᠎ᠠ︔ ᠪᠠᠷᠢᠮᠵᠢᠶᠠᠵᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶ᠎ᠠ ᠪᠦᠬᠦᠢ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠶᠢ ᠬᠠᠷᠢᠭᠤᠴᠠᠨ᠎ᠠ︔ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠬᠠᠩᠭᠠᠬᠤ ᠬᠠᠷᠢᠭᠤᠴᠠᠯᠭᠠᠲᠤ ᠰᠠᠯᠠᠭ᠎ᠠ ᠮᠥᠴᠢᠷ ᠢ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ ᠲᠣᠳᠣᠷᠬᠠᠶᠢᠯᠠᠨ᠎ᠠ︔ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠤᠨ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠬᠠᠷᠢᠭᠤᠴᠠᠵᠤ᠂ ᠬᠤᠲᠠ ᠶᠢᠨ ᠵᠠᠰᠠᠭ ᠤᠨ ᠤᠷᠳᠤᠨ ᠤ ᠵᠢᠯ ᠤᠨ ᠠᠵᠢᠯ ᠤᠨ ᠭᠤᠤᠯᠳᠠᠯᠭ᠎ᠠ ᠲᠠᠢ ᠰᠢᠯᠭᠠᠬᠤ ᠠᠭᠤᠯᠭ᠎ᠠ ᠪᠤᠯᠭᠠᠨ᠎ᠠ᠃      ᠬᠤᠲᠠ ᠶᠢᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠲᠥᠪ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠤᠨ ᠪᠦᠲᠦᠭᠡᠨ ᠪᠠᠶᠢᠭᠤᠯᠵᠤ ᠠᠵᠢᠯᠯᠠᠭᠤᠯᠵᠤ ᠬᠠᠮᠠᠭᠠᠯᠠᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠠᠵᠢᠯ ᠲᠥᠷᠥᠯ ᠢᠶᠠᠷ ᠬᠤᠪᠢᠶᠠᠨ ᠬᠠᠮᠢᠶᠠᠷᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠠᠵᠢᠯᠯᠠᠭᠤᠯᠵᠤ ᠬᠠᠮᠠᠭᠠᠯᠠᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠮᠡᠷᠭᠡᠵᠢᠯ ᠤᠨ ᠦᠢᠯᠡᠴᠢᠯᠡᠭᠡᠨ ᠤ ᠲᠤᠯᠭᠠᠭᠤᠷᠢᠯᠠᠬᠤ ᠠᠵᠢᠯ ᠢ ᠬᠠᠷᠢᠭᠤᠴᠠᠨ᠎ᠠ᠃      ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠲᠤᠰ ᠪᠠᠶᠢᠭᠤᠯᠤᠮᠵᠢ ᠶᠢᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠠᠷᠠᠯᠲᠠ᠂ ᠬᠠᠷᠢᠭᠤᠴᠠᠯᠭ᠎ᠠ᠂ ᠬᠡᠷᠡᠭᠵᠢᠭᠦᠯᠬᠦ ᠪᠠᠶᠢᠭᠤᠯᠤᠮᠵᠢ ᠵᠢᠴᠢ ᠠᠵᠢᠯᠲᠠᠨ ᠢ ᠬᠠᠷᠢᠭᠤᠴᠠᠨ ᠲᠣᠳᠣᠷᠬᠠᠶᠢᠯᠠᠨ᠎ᠠ︔ ᠲᠤᠰ ᠪᠠᠶᠢᠭᠤᠯᠤᠮᠵᠢ ᠶᠢᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠨᠠᠷᠢᠨ ᠬᠠᠭᠤᠳᠠᠰᠤ ᠪᠠ ᠵᠢᠷᠤᠮᠵᠢᠯ ᠢ ᠬᠠᠤᠯᠢ ᠶᠣᠰᠣᠭᠠᠷ ᠲᠣᠭᠲᠠᠭᠠᠨ᠎ᠠ︔ ᠲᠤᠰ ᠪᠠᠶᠢᠭᠤᠯᠤᠮᠵᠢ ᠶᠢᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠳᠡᠰ ᠬᠤᠪᠢᠶᠠᠬᠤ᠂ ᠴᠤᠭᠯᠠᠭᠤᠯᠬᠤ᠂ ᠵᠠᠰᠠᠬᠤ᠂ ᠴᠤᠭᠯᠠᠭᠤᠯᠤᠨ ᠬᠠᠮᠢᠶᠠᠷᠬᠤ᠂ ᠬᠠᠳᠠᠭᠠᠯᠠᠬᠤ᠂ ᠪᠤᠯᠪᠠᠰᠤᠷᠠᠭᠤᠯᠬᠤ᠂ ᠳᠠᠮᠵᠢᠭᠤᠯᠬᠤ᠂ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ᠂ ᠨᠡᠭᠡᠭᠡᠨ ᠬᠥᠭᠵᠢᠭᠦᠯᠬᠦ ᠵᠢᠴᠢ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ᠎ᠠ︔ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠬᠦ ᠱᠠᠭᠠᠷᠳᠠᠯᠭ᠎ᠠ ᠪᠠᠷ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃      ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠤᠯᠤᠰ ᠤᠨ ᠠᠮᠤᠷ ᠲᠦᠪᠰᠢᠨ ᠤ ᠰᠠᠯᠠᠭ᠎ᠠ ᠮᠥᠴᠢᠷ ᠤᠳ ᠰᠦᠯᠵᠢᠶᠡᠨ ᠤ ᠲᠤᠭ᠎ᠠ ᠪᠠᠷᠢᠮᠲᠠ ᠶᠢᠨ ᠠᠮᠤᠷ ᠲᠦᠪᠰᠢᠨ ᠪᠠ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ︔ ᠬᠥᠭᠵᠢᠭᠦᠯᠦᠯᠲᠡ ᠪᠠ ᠥᠭᠡᠷᠡᠴᠢᠯᠡᠯᠲᠡ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠬᠤᠲᠠ ᠶᠢᠨ ᠬᠠᠮᠢᠶᠠᠷᠤᠯᠲᠠ᠂ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠢᠶᠠᠨ ᠦᠨᠳᠦᠰᠦᠯᠡᠨ ᠲᠤᠰ ᠠᠵᠢᠯ ᠲᠥᠷᠥᠯ᠂ ᠲᠤᠰ ᠬᠦᠷᠢᠶᠡᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠵᠤ᠂ ᠲᠤᠰ ᠠᠵᠢᠯ ᠲᠥᠷᠥᠯ᠂ ᠲᠤᠰ ᠬᠦᠷᠢᠶᠡᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃             ᠬᠤᠶᠠᠳᠤᠭᠠᠷ ᠪᠦᠯᠦᠭ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠬᠢᠭᠡᠳ ᠭᠠᠷᠴᠠᠭ ᠤᠨ ᠬᠠᠮᠢᠶᠠᠷᠤᠯᠲᠠ      ᠵᠢᠷᠭᠤᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠨᠢᠭᠡᠳᠦᠯᠲᠡᠶ ᠬᠠᠮᠢᠶᠠᠷᠤᠨ᠎ᠠ᠃      ᠬᠤᠲᠠ ᠶᠢᠨ ᠲᠣᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠲᠠᠢ ᠵᠣᠯᠭᠠᠭᠤᠯᠵᠤ᠂ ᠪᠥᠬᠦ ᠬᠤᠲᠠ ᠶᠢᠨ ᠨᠢᠭᠡᠳᠦᠯᠲᠡᠶ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂  ᠨᠡᠭᠡᠭᠡᠯᠲᠡ ᠬᠢᠬᠦ ᠵᠠᠮ ᠢ ᠪᠣᠶ ᠪᠣᠯᠭᠠᠨ᠎ᠠ︔ ᠡᠯ᠎ᠡ ᠬᠤᠰᠢᠭᠤ ︵ᠰᠢᠶᠠᠨ᠂ ᠲᠣᠭᠤᠷᠢᠭ︶ ᠨᠢ ᠵᠠᠷᠴᠢᠮ ᠳᠡᠭᠡᠷ᠎ᠡ ᠪᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢ ᠲᠤᠰᠠᠭᠠᠷ ᠪᠠᠶᠢᠭᠤᠯᠬᠤ ᠥᠬᠡᠶ᠃      ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ᠂ ᠨᠡᠭᠡᠭᠡᠯᠲᠡ ᠬᠢᠬᠦ ᠬᠡᠷᠡᠭᠲᠡᠢ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠠᠴᠠ ᠭᠠᠳᠠᠨ᠎ᠠ ᠬᠠᠮᠲᠤ ᠪᠠᠷ ᠡᠳ᠋ᠯᠡᠬᠦ ᠪᠠ ᠨᠡᠭᠡᠭᠡᠯᠲᠡ ᠬᠢᠬᠦ ᠵᠠᠮ ᠢ ᠰᠢᠨ᠎ᠡ ᠪᠠᠷ ᠪᠠᠶᠢᠭᠤᠯᠵᠤ ᠪᠣᠯᠬᠤ ᠦᠭᠡᠢ︔ ᠨᠢᠭᠡᠨᠲᠡ ᠪᠠᠶᠢᠭᠤᠯᠤᠭᠰᠠᠨ ᠪᠣᠯ ᠠᠯᠬᠤᠮ ᠠᠯᠬᠤᠮ ᠢᠶᠠᠷ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠳᠤ ᠨᠡᠶᠢᠯᠡᠭᠦᠯᠬᠦ ᠬᠡᠷᠡᠭᠲᠡᠢ᠃      ᠳᠣᠯᠣᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠳᠤ ᠲᠥᠷᠥᠯ ᠬᠤᠪᠢᠶᠠᠨ ᠳᠡᠰ ᠲᠣᠭᠲᠠᠭᠠᠬᠤ ᠪᠠᠷ ᠤᠷᠢᠲᠠᠯ ᠪᠣᠯᠭᠠᠨ᠎ᠠ᠃      ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠤᠯᠤᠰ ᠪᠠ ᠳᠡᠭᠡᠳᠦ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠳᠡᠰ ᠬᠤᠪᠢᠶᠠᠬᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠥᠷᠥᠯ ᠬᠤᠪᠢᠶᠠᠨ ᠳᠡᠰ ᠬᠤᠪᠢᠶᠠᠬᠤ ᠳᠦᠷᠢᠮ ᠢ ᠨᠡᠮᠡᠨ ᠨᠥᠬᠦᠪᠥᠷᠢᠯᠡᠬᠦ ᠶᠢᠨ ᠬᠠᠮᠲᠤ᠂ ᠳᠡᠭᠡᠳᠦ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠢ᠃      ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠥᠷᠥᠯ ᠬᠤᠪᠢᠶᠠᠨ ᠲᠠᠰ ᠬᠤᠪᠢᠶᠠᠬᠤ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠣᠰ ᠠᠵᠢᠯ ᠲᠥᠷᠥᠯ᠂ ᠲᠣᠰ ᠬᠦᠷᠢᠶᠡᠨ ᠳᠠᠬᠢ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃      ᠨᠠᠢᠮᠠᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠢᠭᠡᠳᠦᠯᠲᠡᠶ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃        ᠬᠤᠲᠠ ᠶᠢᠨ ᠲᠣᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠶ ᠭᠠᠷᠴᠠᠭ ᠨᠠᠶᠢᠷᠠᠭᠤᠯᠤᠨ ᠵᠣᠬᠢᠶᠠᠬᠤ ᠪᠠᠷᠢᠮᠵᠢᠶ᠎ᠠ ᠶᠢ ᠲᠣᠳᠣᠷᠬᠠᠶ ᠲᠣᠭᠲᠠᠭᠠᠵᠤ᠂ ᠪᠥᠬᠦ ᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠳᠦ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠳᠤ ᠨᠡᠶᠢᠲᠡᠯᠡᠬᠦ ᠪᠠ ᠰᠢᠨᠡᠳᠬᠡᠬᠦ ᠬᠡᠷᠡᠭᠲᠡᠶ᠃      ᠡᠯ᠎ᠡ ᠬᠤᠰᠢᠭᠤ ︵ᠰᠢᠶᠠᠨ᠂ ᠲᠣᠭᠤᠷᠢᠭ︶ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢᠭᠡᠳᠦᠯᠲᠡᠶ ᠭᠠᠷᠴᠠᠭ ᠢ ᠨᠠᠶᠢᠷᠠᠭᠤᠯᠤᠨ ᠵᠣᠬᠢᠶᠠᠬᠤ ᠪᠠᠷᠢᠮᠵᠢᠶ᠎ᠠ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠳᠡᠭᠡᠳᠦ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠤᠨ᠎ᠠ᠃      ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠨᠢᠭᠡᠳᠦᠯᠲᠡᠶ ᠭᠠᠷᠴᠠᠭ ᠤᠨ ᠨᠠᠶᠢᠷᠠᠭᠤᠯᠤᠨ ᠵᠣᠬᠢᠶᠠᠬᠤ ᠪᠠᠷᠢᠮᠵᠢᠶ᠎ᠠ ᠶᠣᠰᠣᠭᠠᠷ᠂ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠶᠢᠨ ᠬᠠᠮᠲᠤ ᠠᠳᠠᠯᠢ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠤᠨ᠎ᠠ᠃      ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠲᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠡᠯᠪᠡᠷᠢ᠂ ᠬᠠᠮᠲᠤ ᠪᠠᠷ ᠡᠳ᠋ᠯᠡᠬᠦ ᠠᠭᠤᠯᠭ᠎ᠠ᠂ ᠬᠠᠮᠲᠤ ᠪᠠᠷ ᠡᠳ᠋ᠯᠡᠬᠦ ᠲᠥᠷᠥᠯ ᠵᠦᠢᠯ᠂ ᠬᠠᠮᠲᠤ ᠪᠠᠷ ᠡᠳ᠋ᠯᠡᠬᠦ ᠨᠥᠬᠦᠴᠡᠯ᠂ ᠬᠠᠮᠲᠤ ᠪᠠᠷ ᠡᠳ᠋ᠯᠡᠬᠦ ᠬᠡᠪᠴᠢᠶ᠎ᠡ᠂ ᠨᠡᠭᠡᠭᠡᠯᠲᠡ ᠬᠢᠬᠦ ᠰᠢᠨᠵᠢ ᠴᠢᠨᠠᠷ᠂ ᠰᠢᠨᠡᠳᠬᠡᠬᠦ ᠳᠠᠪᠲᠠᠮᠵᠢ ᠪᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠢᠨᠠᠨ ᠵᠥᠪᠰᠢᠶᠡᠷᠡᠬᠦ᠂ ᠬᠠᠩᠭᠠᠬᠤ ᠰᠠᠯᠠᠭ᠎ᠠ ᠮᠥᠴᠢᠷ ᠵᠡᠷᠭᠡ ᠠᠭᠤᠯᠭ᠎ᠠ ᠶᠢ ᠪᠠᠭᠲᠠᠭᠠᠬᠤ ᠬᠡᠷᠡᠭᠲᠡᠶ᠃      ᠶᠢᠰᠦᠳᠦᠭᠡᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠰᠢᠨᠡᠳᠬᠡᠬᠦ ᠲᠣᠭᠲᠠᠴᠠ ᠶᠢ ᠪᠠᠶᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠪᠤᠶᠤ ᠬᠠᠤᠯᠢ ᠪᠠᠷ ᠲᠣᠭᠲᠠᠭᠠᠭᠰᠠᠨ  ᠲᠤᠰᠢᠶᠠᠯ ᠴᠢᠳᠠᠪᠤᠷᠢ ᠳᠤ ᠬᠤᠪᠢᠷᠠᠯᠲᠠ ᠭᠠᠷᠪᠠᠯ᠂ 15 ᠠᠵᠢᠯᠯᠠᠬᠤ ᠡᠳᠦᠷ ᠤᠨ ᠳᠣᠲᠣᠷ᠎ᠠ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠰᠢᠨᠡᠳᠬᠡᠬᠦ ᠶᠢᠨ ᠬᠠᠮᠲᠤ᠂ ᠠᠳᠠᠯᠢ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠲᠣᠭᠲᠠᠭᠠᠯᠭᠠᠬᠤ ᠬᠡᠷᠡᠭᠲᠡᠶ᠃      ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠲᠣᠭᠲᠠᠭᠠᠬᠤ ᠶᠢᠨ ᠬᠠᠮᠲᠤ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠰᠢᠨᠡᠳᠬᠡᠬᠦ ᠬᠡᠷᠡᠭᠲᠡᠶ᠃      ᠭᠤᠷᠪᠠᠳᠤᠭᠠᠷ ᠪᠦᠯᠦᠭ   ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠩᠭᠠᠯᠭ᠎ᠠ      ᠠᠷᠪᠠᠳᠤᠭᠠᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠨᠢ ᠬᠠᠤᠯᠢ ᠳᠤ ᠨᠡᠶᠢᠴᠡᠭᠰᠡᠨ᠂ ᠴᠢᠬᠤᠯᠠ ᠪᠦᠬᠦᠢ᠂ ᠵᠣᠬᠢᠰᠲᠠᠶ ᠪᠠᠶᠢᠬᠤ ᠵᠠᠷᠴᠢᠮ ᠢ ᠵᠢᠷᠤᠮᠯᠠᠵᠤ᠂ ᠲᠤᠰ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠦᠨᠳᠦᠰᠦᠯᠡᠨ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠤᠨ᠂ ᠬᠢᠨᠠᠨ ᠵᠥᠪᠰᠢᠶᠡᠷᠡᠬᠦ ᠪᠠ ᠬᠠᠩᠭᠠᠬᠤ ᠬᠡᠷᠡᠭᠲᠡᠶ᠃ ᠬᠠᠮᠲᠤ ᠪᠠᠷ ᠡᠳ᠋ᠯᠡᠬᠦ ᠠᠷᠭ᠎ᠠ ᠵᠠᠮ ᠢᠶᠠᠷ ᠳᠠᠮᠵᠢᠭᠤᠯᠤᠨ ᠤᠯᠬᠤ ᠪᠤᠶᠤ ᠨᠤᠲᠠᠯᠠᠵᠤ ᠪᠣᠯᠬᠤ ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠠᠪᠬᠤᠷᠳᠠᠭᠤᠯᠤᠨ ᠴᠤᠭᠯᠠᠭᠤᠯᠵᠤ ᠪᠣᠯᠬᠤ ᠦᠭᠡᠶ᠃      ᠠᠷᠪᠠᠨ ᠨᠢᠭᠡᠳᠦᠭᠡᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠲᠤᠰ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠢ ᠦᠨᠳᠦᠰᠦᠯᠡᠨ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠭ᠎ᠠ ᠪᠠᠷᠢᠮᠲᠠ ᠶᠢ ᠬᠡᠷᠡᠭᠯᠡᠬᠦ ᠨᠢᠭᠡᠴᠢ ᠶᠢᠨ ᠲᠤᠭ᠎ᠠ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ ᠥᠷᠨᠢᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠪᠠᠰᠠ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠲᠤᠭ᠎ᠠ ᠪᠠᠷᠢᠮᠲᠠ ᠶᠢᠨ ᠵᠠᠰᠠᠯᠲᠠ ᠶᠢᠨ ᠬᠡᠷᠡᠭᠴᠡᠭᠡ ᠱᠠᠭᠠᠷᠳᠠᠯᠭ᠎ᠠ ᠳᠤᠷᠠᠳᠴᠤ ᠪᠣᠯᠣᠨ᠎ᠠ᠂ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠲᠤᠭ᠎ᠠ ᠪᠠᠷᠢᠮᠲᠠ ᠶᠢᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠦᠷᠨᠢᠭᠦᠯᠬᠦ ᠬᠡᠷᠡᠭᠲᠡᠢ᠃      ᠠᠷᠪᠠᠨ ᠬᠤᠶᠠᠳᠤᠭᠠᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠲᠠᠬᠢ ᠰᠢᠨᠡᠳᠬᠡᠬᠦ ᠳᠠᠪᠲᠠᠮᠵᠢ ᠶᠣᠰᠣᠭᠠᠷ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠳᠡᠭᠡᠷ᠎ᠡ ᠲᠤᠰ ᠪᠠᠶᠢᠭᠤᠯᠤᠮᠵᠢ ᠶᠢᠨ ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠰᠢᠨᠡᠳᠬᠡᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠨᠢᠭᠡᠳᠦᠯᠲᠦ ᠴᠢᠨᠠᠷ ᠪᠠ ᠴᠠᠭ ᠬᠤᠭᠤᠴᠠᠭᠠᠲᠤ ᠴᠢᠨᠠᠷ ᠢ ᠪᠠᠲᠤᠯᠠᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠨᠢᠭᠡ ᠲᠤᠭ᠎ᠠ ᠪᠠᠷᠢᠮᠲᠠ ᠨᠢ ᠨᠢᠭᠡ ᠰᠤᠷᠪᠤᠯᠵᠢ ᠲᠠᠢ ᠨᠢᠭᠡ ᠪᠠᠷᠢᠮᠵᠢᠶ᠎ᠠ ᠲᠠᠢ︾ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠢ ᠲᠣᠳᠣᠷᠬᠠᠶᠢᠯᠠᠬᠤ ᠬᠡᠷᠡᠭᠲᠡᠶ᠃ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠳᠤ ᠪᠠᠶᠢᠭᠠᠯᠢ ᠬᠥᠮᠦᠨ ᠤ ᠲᠤᠭ᠎ᠠ ᠪᠠᠷᠢᠮᠲᠠ ᠳᠤ ᠬᠤᠯᠪᠣᠭᠳᠠᠪᠠᠯ᠂ ᠠᠷᠠᠳ ᠢᠷᠭᠡᠳ ᠤᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠴᠣᠷ ᠤᠨ ᠭᠠᠭᠴᠠ ᠲᠡᠮᠳᠡᠭ ᠪᠣᠯᠭᠠᠵᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠦᠨᠳᠦᠰᠦᠯᠡᠨ ᠳᠣᠤᠷᠠᠬᠢ ᠪᠠᠶᠢᠭᠠᠯᠢ ᠬᠥᠮᠦᠨ ᠤ ᠦᠨᠳᠦᠰᠦᠨ ᠲᠤᠭ᠎ᠠ ᠪᠠᠷᠢᠮᠲᠠ ᠶᠢ ᠴᠤᠭᠯᠠᠭᠤᠯᠬᠤ ᠬᠡᠷᠡᠭᠲᠡᠶ᠄      ︵ᠨᠢᠭᠡ︶ ᠡᠷᠦᠬᠡ ᠠᠮᠠ ᠶᠢᠨ ᠳᠠᠩᠰᠠᠯᠠᠯ ᠤᠨ ᠲᠤᠭ᠎ᠠ ᠪᠠᠷᠢᠮᠲᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠨ᠎ᠠ᠃      ︵ᠬᠤᠶᠠᠷ︶ ᠨᠡᠭᠦᠳᠡᠯ ᠬᠥᠮᠦᠨ ᠠᠮᠠ ᠶᠢᠨ ᠣᠷᠣᠰᠢᠨ ᠰᠠᠭᠤᠬᠤ ᠶᠢ ᠳᠠᠩᠰᠠᠯᠠᠬᠤ᠂ ᠣᠷᠣᠰᠢᠨ ᠰᠠᠭᠤᠬᠤ ᠶᠢ ᠬᠤᠪᠢᠷᠠᠭᠤᠯᠬᠤ ᠳᠠᠩᠰᠠᠯᠠᠯ ᠪᠠ ᠣᠷᠣᠰᠢᠨ ᠰᠠᠭᠤᠬᠤ ᠦᠨᠡᠮᠯᠡᠯ ᠭᠦᠢᠴᠡᠳᠬᠡᠬᠦ ᠲᠤᠭ᠎ᠠ ᠪᠠᠷᠢᠮᠲᠠ ᠶᠢ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠶᠢᠳᠠᠯᠭ᠎ᠠ ᠶᠢ ᠬᠦᠯᠢᠶᠡᠭᠰᠡᠨ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ᠎ᠠ᠃      ︵ᠭᠤᠷᠪᠠ︶ ᠰᠠᠭᠤᠭᠠᠯᠢ ᠠᠷᠠᠳ ᠤᠨ ᠤᠷᠤᠭ ᠤᠨ ᠳᠠᠩᠰᠠᠯᠠᠯ ᠤᠨ ᠲᠤᠭ᠎ᠠ ᠪᠠᠷᠢᠮᠲᠠ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ᠃      ︵ᠲᠦᠷᠪᠡ︶ ᠲᠥᠷᠥᠭᠰᠡᠨ ᠪᠠ ᠦᠬᠦᠭᠰᠡᠨ ᠢ ᠳᠠᠩᠰᠠᠯᠠᠭᠰᠠᠨ ᠲᠤᠭ᠎ᠠ ᠪᠠᠷᠢᠮᠲᠠ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠨ᠎ᠠ᠃      ︵ᠲᠠᠪᠤ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ᠎ᠠ᠃      ︵ᠵᠢᠷᠭᠤᠭ᠎ᠠ︶ ᠨᠡᠶᠢᠭᠡᠮ ᠤᠨ ᠪᠠᠲᠤᠯᠠᠭ᠎ᠠ ᠶᠢᠨ ᠲᠤᠭ᠎ᠠ ᠪᠠᠷᠢᠮᠲᠠ ᠪᠠ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠭ᠎ᠠ ᠪᠠᠷᠢᠮᠲᠠ ᠶᠢ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔      ︵ᠳᠤᠯᠤᠭ᠎ᠠ︶ ᠰᠤᠷᠭᠠᠨ ᠬᠥᠮᠦᠵᠢᠯ ᠤᠨ ᠲᠤᠭ᠎ᠠ ᠪᠠᠷᠢᠮᠲᠠ ᠶᠢ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠠᠴᠠ ᠬᠠᠷᠢᠭᠤᠴᠠᠨ᠎ᠠ︔      ︵ᠨᠠᠢᠮᠠ︶ ᠵᠡᠮᠳᠡᠭᠴᠦᠳ ᠢ ᠳᠠᠩᠰᠠᠯᠠᠭᠰᠠᠨ ᠲᠤᠭ᠎ᠠ ᠪᠠᠷᠢᠮᠲᠠ ᠶᠢ ᠵᠡᠮᠳᠡᠭᠴᠦᠳ ᠤᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ᠃      ︵ᠶᠢᠰᠦ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠳᠠᠩᠰᠠᠯᠠᠭᠰᠠᠨ ᠲᠤᠭ᠎ᠠ ᠪᠠᠷᠢᠮᠲᠠ ᠶᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ᠎ᠠ︔      ︵ᠠᠷᠪᠠ︶ ᠬᠤᠯᠪᠣᠭᠳᠠᠯ ᠪᠦᠬᠦᠢ ᠬᠢᠷᠢ ᠭᠡᠮ ᠤᠨ ᠦᠨᠡᠮᠯᠡᠯ ᠪᠣᠯᠤᠨ ᠠᠵᠢᠯ ᠡᠷᠬᠢᠯᠡᠬᠦ ᠦᠨᠡᠮᠯᠡᠯ ᠤᠨ ᠲᠤᠭ᠎ᠠ ᠪᠠᠷᠢᠮᠲᠠ ᠶᠢ ᠲᠤᠰ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠪᠣᠯᠤᠨ ᠠᠵᠢᠯ ᠡᠷᠬᠢᠯᠡᠬᠦ ᠦᠨᠡᠮᠯᠡᠯ ᠣᠯᠭᠤᠭᠰᠠᠨ ᠨᠢᠭᠡᠴᠢ ᠠᠴᠠ ᠬᠠᠷᠢᠭᠤᠴᠠᠨ᠎ᠠ︔      ︵ᠠᠷᠪᠠᠨ ᠨᠢᠭᠡ︶ ᠦᠯᠦ ᠬᠥᠳᠡᠯᠬᠦ ᠬᠥᠷᠥᠩᠭᠡ ᠶᠢᠨ ᠳᠠᠩᠰᠠᠯᠠᠭᠰᠠᠨ ᠲᠤᠭ᠎ᠠ ᠪᠠᠷᠢᠮᠲᠠ ᠶᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃       ᠠᠷᠪᠠᠨ ᠳᠥᠷᠪᠡᠳᠦᠭᠡᠷ ᠵᠦᠢᠯ  ᠬᠠᠤᠯᠢ ᠶᠢᠨ ᠡᠷᠬᠡᠲᠡᠨ ᠪᠣᠯᠤᠨ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠳᠡᠭᠡᠮᠵᠢ ᠶᠢᠨ ᠨᠢᠭᠡᠲᠦᠯᠲᠡᠢ ᠲᠦᠯᠦᠭᠡᠨ ᠤ ᠨᠣᠮᠧᠷ ᠢᠶᠠᠷ ᠴᠤᠷ ᠤᠨ ᠭᠠᠭᠴᠠ ᠲᠡᠮᠳᠡᠭ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠳᠡᠭᠡᠮᠵᠢ ᠶᠢᠨ ᠨᠢᠭᠡᠲᠦᠯᠲᠡᠢ ᠲᠦᠯᠦᠭᠡᠨ ᠤ ᠨᠣᠮᠧᠷ ᠤᠨ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠨᠢᠭᠡᠳᠦᠯᠲᠡᠶ ᠬᠠᠮᠢᠶᠠᠷᠬᠤ ᠬᠡᠷᠡᠭᠲᠡᠶ᠃ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠦᠨᠳᠦᠰᠦᠯᠡᠨ ᠳᠣᠤᠷᠠᠬᠢ ᠬᠠᠤᠯᠢ ᠶᠢᠨ ᠡᠷᠬᠡᠲᠡᠨ ᠪᠣᠯᠤᠨ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠦᠨᠳᠦᠰᠦᠨ ᠲᠤᠭ᠎ᠠ ᠪᠠᠷᠢᠮᠲᠠ ᠶᠢ ᠴᠤᠭᠯᠠᠭᠤᠯᠬᠤ ᠬᠡᠷᠡᠭᠲᠡᠶ᠄      ︵ᠨᠢᠭᠡ︶ ᠡᠵᠡᠩᠨᠡᠯᠲᠡ ᠶᠢᠨ ᠭᠤᠤᠯ ᠴᠣᠭᠴᠠ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔      ︵ᠬᠤᠶᠠᠷ︶ ᠨᠡᠶᠢᠭᠡᠮ ᠤᠨ ᠪᠦᠯᠬᠦᠮ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔      ︵ᠭᠤᠷᠪᠠ︶ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠯᠠᠭ᠎ᠠ ᠮᠥᠴᠢᠷ ᠠᠴᠠ ᠪᠠᠶᠢᠭᠤᠯᠤᠮᠵᠢ ᠶᠢᠨ ᠣᠷᠣᠨ ᠲᠤᠭ᠎ᠠ ᠶᠢ ᠰᠢᠭᠤᠳ ᠬᠠᠮᠢᠶᠠᠷᠬᠤ ᠣᠯᠠᠨ ᠲᠦᠮᠡᠨ ᠤ ᠪᠦᠯᠬᠦᠮ ᠵᠡᠷᠭᠡ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔      ︵ᠲᠦᠷᠪᠡ︶ ᠬᠠᠤᠯᠢᠴᠢ ᠶᠢᠨ ᠠᠵᠢᠯ ᠡᠷᠬᠢᠯᠡᠬᠦ ᠪᠠᠶᠢᠭᠤᠯᠤᠮᠵᠢ᠂ ᠠᠯᠪᠠᠨ ᠭᠡᠷᠡᠴᠢᠯᠡᠭᠡ ᠶᠢᠨ ᠭᠠᠵᠠᠷ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ᠂ ᠬᠠᠤᠯᠢ ᠴᠠᠭᠠᠵᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ᠂ ᠬᠥᠨᠳᠡᠯᠡᠨ ᠠᠴᠠ ᠲᠠᠰᠤᠯᠬᠤ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔      ︵ᠲᠠᠪᠤ︶ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠳᠠᠩᠰᠠᠯᠠᠭᠰᠠᠨ ᠲᠤᠭ᠎ᠠ ᠪᠠᠷᠢᠮᠲᠠ ᠶᠢ ᠱᠠᠰᠢᠨ ᠰᠤᠷᠲᠠᠬᠤᠨ ᠤ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔      ︵ᠵᠢᠷᠭᠤᠭ᠎ᠠ︶ ᠦᠨᠳᠦᠰᠦᠨ ᠱᠠᠲᠤᠨ ᠤ ᠠᠵᠢᠯᠴᠢᠨ ᠤ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠠᠵᠢᠯᠴᠢᠨ ᠤ ᠶᠡᠷᠦᠩᠬᠡᠶ ᠡᠪᠯᠡᠯ ᠠᠴᠠ ᠬᠠᠷᠢᠭᠤᠴᠠᠨ᠎ᠠ︔      ︵ᠳᠤᠯᠤᠭ᠎ᠠ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ︔      ︵ᠨᠠᠢᠮᠠ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠨᠡᠶᠢᠭᠡᠮ ᠤᠨ ᠢᠳᠡᠭᠡᠮᠵᠢ ᠶᠢᠨ ᠨᠢᠭᠡᠲᠦᠯᠲᠡᠢ ᠲᠦᠯᠦᠭᠡᠨ ᠤ ᠨᠣᠮᠧᠷ ᠤᠨ ᠮᠡᠳᠡᠭᠡ ᠵᠠᠩᠭᠢ ᠶᠢ ᠬᠠᠷᠭᠤᠭᠤᠯᠬᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠲᠤᠭ᠎ᠠ ᠪᠠᠷᠢᠮᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠠᠵᠢᠯᠯᠠᠭᠤᠯᠬᠤ᠂ ᠬᠠᠮᠠᠭᠠᠯᠠᠬᠤ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃      ︵ᠶᠢᠰᠦ︶ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠨ ᠳᠠᠩᠰᠠᠯᠠᠭᠤᠯᠤᠭᠰᠠᠨ ᠲᠤᠭ᠎ᠠ ᠪᠠᠷᠢᠮᠲᠠ ᠶᠢ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃      ᠠᠷᠪᠠᠨ ᠲᠠᠪᠤᠳᠤᠭᠠᠷ ᠵᠦᠢᠯ  ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠶ᠂ ᠤᠢ ᠰᠢᠭᠤᠶ ᠪᠠ ᠨᠤᠲᠤᠭ ᠪᠡᠯᠴᠢᠭᠡᠷ᠂ ᠴᠠᠭ ᠠᠭᠤᠷ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠰᠤᠳᠤᠯᠭᠠᠨ ᠢ ᠡᠷᠬᠢᠯᠡᠵᠦ ᠪᠠᠶᠢᠭ᠎ᠠ ᠠᠵᠢᠯ ᠦᠢᠯᠡᠰ ᠤᠨ ᠨᠢᠭᠡᠴᠢ ᠨᠦᠭᠦᠳ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠢᠶᠠᠨ ᠦᠨᠳᠦᠰᠦᠯᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠴᠡᠭᠡ᠂ ᠭᠠᠵᠠᠷ ᠰᠢᠷᠣᠶ᠂ ᠠᠭᠤᠷᠬᠠᠢ ᠶᠢᠨ ᠭᠠᠷᠤᠯᠲᠠ᠂ ᠤᠢ ᠰᠢᠭᠤᠶ᠂ ᠪᠡᠯᠴᠢᠭᠡᠷ᠂ ᠨᠤᠭᠤ ᠭᠠᠵᠠᠷ᠂ ᠤᠰᠤ᠂ ᠵᠢᠭᠠᠰᠤᠨ ᠦᠢᠯᠡᠰ᠂ ᠬᠡᠭᠡᠷ᠎ᠡ ᠶᠢᠨ ᠠᠮᠢᠲᠠᠨ᠂ ᠠᠭᠤᠷ ᠠᠮᠢᠰᠬᠤᠯ᠂ ᠴᠠᠭ ᠠᠭᠤᠷ ᠵᠢᠴᠢ ᠭᠡᠷ ᠪᠠᠶᠢᠰᠢᠩ ᠤᠨ ᠪᠠᠷᠢᠯᠭ᠎ᠠ᠂ ᠭᠠᠵᠠᠷ ᠳᠣᠣᠷᠠᠬᠢ ᠬᠤᠭᠤᠯᠠᠢ᠂ ᠬᠤᠳᠠ ᠶᠢᠨ ᠤᠭᠰᠠᠷᠠᠭ᠎ᠠ ᠲᠤᠨᠤᠭ ᠵᠡᠷᠭᠡ ᠪᠠᠶᠢᠭᠠᠯᠢ ᠶᠢᠨ ᠡᠬᠢ ᠪᠠᠶᠠᠯᠢᠭ ᠪᠠ ᠣᠷᠣᠨ ᠵᠠᠶ ᠶᠢᠨ ᠭᠠᠵᠠᠷ ᠵᠦᠢ ᠶᠢᠨ ᠦᠨᠳᠦᠰᠦᠨ ᠲᠤᠭ᠎ᠠ ᠪᠠᠷᠢᠮᠲᠠ ᠶᠢ ᠴᠤᠭᠯᠠᠭᠤᠯᠵᠤ ᠬᠢᠨᠠᠨ ᠵᠥᠪᠰᠢᠶᠡᠷᠡᠬᠦ ᠪᠠ ᠬᠠᠩᠭᠠᠬᠤ ᠬᠡᠷᠡᠭᠲᠡᠶ᠃      ᠠᠷᠪᠠᠨ ᠵᠢᠷᠭᠤᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ᠂ ᠡᠯᠧᠺᠲᠷᠣᠨ ᠦᠨᠡᠮᠯᠡᠯ᠂ ᠨᠡᠶᠢᠭᠡᠮ ᠤᠨ ᠢᠲᠡᠭᠡᠮᠵᠢ᠂ ᠪᠠᠶᠢᠭᠠᠯᠢ ᠶᠢᠨ ᠡᠬᠢ ᠪᠠᠶᠠᠯᠢᠭ ᠪᠣᠯᠤᠨ ᠣᠷᠣᠨ ᠵᠠᠶ ᠶᠢᠨ ᠭᠠᠵᠠᠷ ᠵᠦᠢ ᠵᠡᠷᠭᠡ ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ ᠵᠢᠴᠢ ᠬᠠᠮᠢᠶ᠎ᠠ ᠪᠦᠬᠦᠢ ᠭᠤᠤᠯ ᠰᠡᠳᠦᠪ ᠤᠨ ᠬᠥᠮᠥᠷᠭᠡ᠂ ᠲᠤᠰᠬᠠᠶ ᠰᠡᠳᠦᠪ ᠤᠨ ᠬᠥᠮᠥᠷᠭᠡ ᠶᠢ ᠪᠦᠲᠦᠭᠡᠨ ᠪᠠᠶᠢᠭᠤᠯᠬᠤ ᠪᠠ ᠬᠠᠮᠢᠶᠠᠷᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠠᠴᠠ ᠲᠤᠭ᠎ᠠ ᠪᠠᠷᠢᠮᠲᠠ ᠪᠤᠴᠠᠭᠠᠨ ᠭᠤᠶᠤᠴᠢᠯᠠᠬᠤ ᠴᠢᠬᠤᠯᠠ ᠲᠠᠢ ᠪᠣᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠭᠤᠶᠤᠴᠢᠯᠠᠨ᠎ᠠ᠃        ᠳᠥᠷᠪᠡᠳᠦᠭᠡᠷ ᠪᠦᠯᠦᠭ   ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ      ᠠᠷᠪᠠᠨ ᠳᠣᠯᠣᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠭᠤᠶᠤᠴᠢᠯᠠᠯ ᠤᠨ ᠨᠢᠭᠡᠳᠦᠯᠲᠡᠢ ᠲᠣᠭᠲᠠᠴᠠ᠂ ᠬᠢᠨᠠᠨ ᠵᠥᠪᠰᠢᠶᠡᠷᠡᠬᠦ ᠲᠣᠭᠲᠠᠴᠠ ᠪᠣᠯᠣᠨ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ︽ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ︾ ᠶᠢᠨ ᠨᠠᠷᠢᠨ ᠬᠠᠭᠤᠳᠠᠰᠤᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃      ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ ︽ᠬᠠᠮᠲᠤ ᠪᠠᠷ ᠡᠳ᠋ᠯᠡᠬᠦ ᠪᠠᠷ ᠵᠠᠷᠴᠢᠮ ᠪᠤᠯᠭᠠᠨ᠂ ᠬᠠᠮᠲᠤ ᠪᠠᠷ ᠡᠳ᠋ᠯᠡᠬᠦ ᠦᠭᠡᠶ ᠶᠢ ᠣᠨᠴᠠᠭᠠᠶ ᠪᠠᠶᠢᠳᠠᠯ ᠪᠣᠯᠭᠠᠬᠤ︾ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠦᠨ᠎ᠡ ᠲᠥᠯᠥᠪᠦᠷᠢ ᠦᠭᠡᠶ ᠪᠠᠷ ᠬᠠᠮᠲᠤ ᠪᠠᠷ ᠡᠳ᠋ᠯᠡᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠢᠨᠵᠢ ᠴᠢᠨᠠᠷ ᠢᠶᠠᠷ ᠨᠢ ᠨᠦᠬᠦᠴᠡᠯ ᠦᠭᠡᠢ ᠪᠠᠷ ᠬᠠᠮᠲᠤ ᠪᠠᠷ ᠡᠳ᠋ᠯᠡᠬᠦ᠂ ᠨᠦᠬᠦᠴᠡᠯ ᠲᠠᠢ ᠪᠠᠷ ᠬᠠᠮᠲᠤ ᠪᠠᠷ ᠡᠳ᠋ᠯᠡᠬᠦ ᠪᠠ ᠬᠠᠮᠲᠤ ᠪᠠᠷ ᠡᠳ᠋ᠯᠡᠬᠦ ᠦᠭᠡᠢ ᠭᠡᠵᠦ 3 ᠲᠥᠷᠥᠯ ᠬᠤᠪᠢᠶᠠᠨ᠎ᠠ᠃      ︵ᠨᠢᠭᠡ︶ ᠠᠯᠢᠪᠠ ᠤᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠤ ᠬᠠᠩᠭᠠᠵᠤ ᠬᠠᠮᠲᠤ ᠪᠠᠷ ᠡᠳ᠋ᠯᠡᠵᠦ ᠪᠣᠯᠬᠤ ᠤᠯᠠᠨ ᠨᠡᠶᠢᠲᠡ ᠶᠢᠨ ᠲᠤᠭ᠎ᠠ ᠪᠠᠷᠢᠮᠲᠠ ᠨᠢ ᠨᠥᠬᠦᠴᠡᠯ ᠦᠭᠡᠢ ᠪᠠᠷ ᠬᠠᠮᠲᠤ ᠪᠠᠷ ᠡᠳ᠋ᠯᠡᠬᠦ ᠲᠥᠷᠥᠯ ᠳᠤ ᠬᠠᠷᠢᠶᠠᠯᠠᠭᠳᠠᠨ᠎ᠠ᠃      ︵ᠬᠤᠶᠠᠷ︶ ᠵᠣᠬᠢᠬᠤ ᠨᠥᠬᠦᠴᠡᠯ ᠶᠣᠰᠣᠭᠠᠷ ᠬᠤᠯᠪᠣᠭᠳᠠᠯ ᠪᠦᠬᠦᠢ ᠤᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠤ ᠬᠡᠷᠡᠭᠯᠡᠭᠦᠯᠬᠦ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠥᠬᠦᠴᠡᠯ ᠲᠠᠢ ᠬᠠᠮᠲᠤ ᠪᠠᠷ ᠡᠳ᠋ᠯᠡᠬᠦ ᠲᠦᠷᠦᠯ ᠳᠤ ᠬᠠᠷᠢᠶᠠᠯᠠᠭᠳᠠᠨ᠎ᠠ᠃      ︵ᠭᠤᠷᠪᠠ︶ ᠪᠤᠰᠤᠳ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠳᠤ ᠬᠠᠩᠭᠠᠵᠤ ᠬᠠᠮᠲᠤ ᠪᠠᠷ ᠡᠳ᠋ᠯᠡᠬᠦ ᠳᠤ ᠲᠣᠬᠢᠷᠠᠬᠤ ᠦᠭᠡᠢ ᠣᠯᠠᠨ ᠨᠡᠶᠢᠲᠡ ᠶᠢᠨ ᠲᠤᠭ᠎ᠠ ᠪᠠᠷᠢᠮᠲᠠ ᠨᠢ ᠬᠠᠮᠲᠤ ᠪᠠᠷ ᠡᠳ᠋ᠯᠡᠬᠦ ᠦᠭᠡᠢ ᠲᠥᠷᠥᠯ ᠳᠤ ᠬᠠᠷᠢᠶᠠᠯᠠᠭᠳᠠᠨ᠎ᠠ᠃      ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠳᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠲᠤ ᠪᠠᠷ ᠡᠳ᠋ᠯᠡᠬᠦ ᠲᠥᠷᠥᠯ ᠪᠣᠯᠤᠨ ᠱᠠᠭᠠᠷᠳᠠᠯᠭ᠎ᠠ ᠶᠢ ᠲᠣᠭᠲᠠᠭᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠥᠬᠡᠶ ᠪᠣᠯ᠂ ᠨᠥᠬᠦᠴᠡᠯ ᠥᠬᠡᠶ ᠪᠠᠷ ᠬᠠᠮᠲᠤ ᠪᠠᠷ ᠡᠳ᠋ᠯᠡᠬᠦ ᠬᠡᠷᠡᠭᠲᠡᠶ︔ ᠨᠥᠬᠦᠴᠡᠯ ᠲᠠᠢ ᠪᠠᠷ ᠬᠠᠮᠲᠤ ᠪᠠᠷ ᠡᠳ᠋ᠯᠡᠬᠦ᠂ ᠬᠠᠮᠲᠤ ᠪᠠᠷ ᠡᠳ᠋ᠯᠡᠬᠦ ᠥᠬᠡᠶ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠵᠢᠭᠰᠠᠭᠠᠬᠤ ᠳᠤ ᠪᠠᠨ᠂ ᠬᠠᠷᠠᠭᠠᠯᠵᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠶᠢ ᠲᠣᠳᠣᠷᠬᠠᠶᠢᠯᠠᠬᠤ ᠬᠡᠷᠡᠭᠲᠡᠶ︔ ᠨᠥᠬᠦᠴᠡᠯ ᠲᠠᠢ ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠵᠢᠭᠰᠠᠭᠠᠬᠤ ᠳᠤ ᠪᠠᠨ᠂ ᠬᠠᠮᠲᠤ ᠪᠠᠷ ᠡᠳ᠋ᠯᠡᠬᠦ ᠨᠥᠬᠦᠴᠡᠯ ᠢ ᠲᠣᠳᠣᠷᠬᠠᠶᠢᠯᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠲᠤ ᠪᠠᠷ ᠡᠳ᠋ᠯᠡᠬᠦ ᠰᠢᠨᠵᠢ ᠴᠢᠨᠠᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠬᠤ ᠶᠢᠨ ᠬᠠᠮᠲᠤ᠂ ᠲᠣᠭᠲᠠᠭᠰᠠᠨ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠢ︔ ᠨᠥᠬᠦᠴᠡᠯ ᠲᠠᠢ ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠦᠨᠡᠯᠡᠨ ᠵᠢᠱᠢᠬᠦ ᠪᠠᠷ ᠳᠠᠮᠵᠢᠭᠠᠳ ᠨᠥᠬᠦᠴᠡᠯ ᠦᠭᠡᠢ ᠪᠠᠷ ᠬᠠᠮᠲᠤ ᠪᠠᠷ ᠡᠳ᠋ᠯᠡᠬᠦ ᠰᠢᠨᠵᠢ ᠴᠢᠨᠠᠷ ᠢ ᠪᠦᠷᠢᠯᠳᠦᠭᠦᠯᠦᠭᠰᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠨᠥᠬᠦᠴᠡᠯ ᠦᠭᠡᠢ ᠪᠠᠷ ᠬᠠᠮᠲᠤ ᠪᠠᠷ ᠡᠳ᠋ᠯᠡᠬᠦ ᠲᠥᠷᠥᠯ  ᠪᠣᠯᠭᠠᠨ ᠬᠤᠪᠢᠷᠠᠭᠤᠯᠬᠤ ᠬᠡᠷᠡᠭᠲᠡᠢ᠃      ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠳᠣᠷᠬᠠᠶ ᠲᠣᠭᠲᠠᠭᠠᠯ ᠲᠠᠢ ᠶᠢ ᠭᠠᠷᠭᠠᠪᠠᠯ᠂ ᠬᠠᠮᠲᠤ ᠪᠠᠷ ᠡᠳ᠋ᠯᠡᠬᠦ ᠥᠬᠡᠶ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠤᠯᠢ ᠶᠣᠰᠣᠭᠠᠷ ᠬᠠᠷᠰᠢᠮᠠᠲᠠᠭᠠᠶ ᠶᠢ ᠲᠠᠶᠢᠯᠤᠭᠰᠠᠨ ᠤ ᠳᠠᠷᠠᠭ᠎ᠠ ᠨᠥᠬᠦᠴᠡᠯ ᠲᠠᠢ ᠬᠠᠮᠲᠤ ᠪᠠᠷ ᠡᠳ᠋ᠯᠡᠬᠦ ᠲᠥᠷᠥᠯ ᠪᠤᠶᠤ ᠨᠥᠬᠦᠴᠡᠯ ᠦᠭᠡᠢ ᠪᠠᠷ ᠬᠠᠮᠲᠤ ᠪᠠᠷ ᠡᠳ᠋ᠯᠡᠬᠦ ᠲᠥᠷᠥᠯ ᠪᠣᠯᠭᠠᠨ ᠬᠤᠪᠢᠷᠠᠭᠤᠯᠵᠤ ᠪᠣᠯᠤᠨ᠎ᠠ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠷᠰᠢᠮᠠᠳᠠᠭᠠᠶ ᠶᠢ ᠲᠠᠶᠢᠯᠬᠤ ᠳᠦᠷᠢᠮ ᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ ᠲᠣᠭᠲᠠᠭᠠᠨ᠎ᠠ᠃      ᠬᠤᠷᠢᠳᠤᠭᠠᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ︽ᠠᠬᠤᠢ ᠨᠢ ᠲᠣᠳᠣᠷᠬᠠᠢ᠂ ᠬᠠᠮᠤᠭ ᠤᠨ ᠪᠠᠭ᠎ᠠ ᠬᠡᠷᠡᠭᠯᠡᠵᠦ ᠭᠦᠢᠴᠡᠭᠦ᠂ ᠵᠢᠷᠤᠮᠵᠢᠭᠤᠨ ᠬᠡᠷᠡᠭᠯᠡᠬᠦ᠂ ᠲᠤᠰᠬᠠᠢ ᠶᠠᠪᠤᠳᠠᠯ ᠳᠤ ᠲᠤᠰᠬᠠᠢ ᠬᠡᠷᠡᠭᠯᠡᠬᠦ︾ ᠪᠠᠷ ᠵᠠᠷᠴᠢᠮ ᠪᠣᠯᠭᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠡᠷᠡᠭᠴᠡᠭᠡ ᠱᠠᠭᠠᠷᠳᠠᠯᠭ᠎ᠠ ᠶᠢ ᠳᠤᠷᠠᠳᠬᠤ ᠶᠢᠨ ᠬᠠᠮᠲᠤ ᠲᠡᠭᠦᠨ ᠤ ᠦᠨᠡᠨ ᠪᠣᠳᠠᠲᠤ ᠴᠢᠨᠠᠷ᠂ ᠲᠣᠭᠲᠠᠭᠠᠯ ᠳᠤ ᠨᠡᠶᠢᠴᠡᠬᠦ ᠴᠢᠨᠠᠷ᠂ ᠠᠮᠤᠷ ᠲᠦᠪᠰᠢᠨ ᠴᠢᠨᠠᠷ ᠢ ᠠᠮᠠᠯᠠᠨ᠎ᠠ︔ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ ᠣᠯᠤᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠤᠰ ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠶᠢ ᠠᠮᠠᠯᠳᠠᠬᠤ ᠬᠡᠷᠡᠭᠲᠡᠢ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠠᠴᠠ ᠭᠠᠳᠠᠨ᠎ᠠ᠂ ᠶᠠᠮᠠᠷᠪᠠ ᠬᠡᠯᠪᠡᠷᠢ ᠪᠠᠷ ᠭᠤᠷᠪᠠᠳᠠᠬᠢ ᠡᠲᠡᠭᠡᠳ ᠲᠤ ᠬᠠᠩᠭᠠᠵᠤ ᠪᠣᠯᠬᠤ ᠦᠭᠡᠢ᠂ ᠪᠤᠰᠤᠳ ᠵᠣᠷᠢᠯᠭ᠎ᠠ ᠳᠤ ᠬᠡᠷᠡᠭᠯᠡᠵᠦ ᠪᠣᠯᠬᠤ ᠦᠭᠡᠢ᠃    ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠤᠨ ᠬᠢᠨ ᠬᠠᠮᠲᠤ ᠪᠠᠷ ᠡᠳ᠋ᠯᠡᠬᠦ ᠨᠥᠬᠦᠴᠡᠯ ᠤᠨ ᠲᠤᠭᠲᠠᠭᠠᠯ ᠵᠢᠴᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠴᠡᠭᠡ ᠶᠢ ᠦᠨᠳᠦᠰᠦᠯᠡᠨ ᠬᠢᠨᠠᠨ ᠬᠠᠷᠭᠤᠭᠤᠯᠵᠤ᠂ ᠬᠡᠷᠡᠭᠯᠡᠭᠡᠨ ᠤ ᠲᠤᠬᠠᠶᠢᠯᠠᠭᠰᠠᠨ ᠠᠵᠢᠯ ᠤᠨ ᠲᠠᠯᠠᠪᠤᠷ᠂ ᠬᠡᠷᠡᠭᠯᠡᠬᠦ ᠨᠢᠭᠡᠴᠢ᠂ ᠬᠡᠷᠡᠭᠰᠡᠬᠦ ᠲᠤᠭ᠎ᠠ ᠪᠠᠷᠢᠮᠲᠠ᠂ ᠬᠠᠮᠲᠤ ᠪᠠᠷ ᠡᠳ᠋ᠯᠡᠬᠦ ᠵᠠᠭᠪᠤᠷ᠂ ᠳᠠᠭᠤᠰᠬᠤ ᠴᠠᠭ ᠵᠡᠷᠭᠡ ᠡᠯᠧᠮᠧᠨ᠋ᠲ ᠢ ᠬᠢᠨᠠᠨ ᠲᠣᠭᠲᠠᠭᠠᠵᠤ᠂ ᠬᠠᠮᠤᠭ ᠤᠨ ᠪᠠᠭ᠎ᠠ ᠡᠷᠬᠡ ᠣᠯᠭᠤᠬᠤ ᠵᠠᠷᠴᠢᠮ ᠶᠣᠰᠣᠭᠠᠷ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠴᠡᠭᠡ ᠶᠣᠰᠣᠭᠠᠷ᠂ ᠠᠮᠤᠷ ᠲᠦᠪᠰᠢᠨ ᠢᠶᠠᠷ ᠬᠠᠮᠲᠤ ᠪᠠᠷ ᠡᠳ᠋ᠯᠡᠬᠦ ᠶᠢ ᠦᠨᠡᠨᠬᠦ ᠪᠠᠲᠤᠯᠠᠨ᠎ᠠ᠃    ᠬᠤᠷᠢᠨ ᠨᠢᠭᠡᠳᠦᠭᠡᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠥᠬᠦᠴᠡᠯ ᠦᠭᠡᠶ ᠪᠠᠷ ᠬᠠᠮᠲᠤ ᠪᠠᠷ ᠡᠳ᠋ᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠰᠢᠭᠤᠳ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠨ ᠭᠤᠶᠤᠴᠢᠯᠠᠨ ᠣᠯᠵᠤ ᠪᠣᠯᠣᠨ᠎ᠠ᠃      ᠬᠠᠮᠲᠤ ᠪᠠᠷ ᠡᠳ᠋ᠯᠡᠬᠦ ᠨᠥᠬᠦᠴᠡᠯ ᠢ ᠪᠦᠷᠢᠳᠦᠭᠦᠯᠦᠭᠰᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠲᠤ ᠬᠠᠮᠲᠤ ᠪᠠᠷ ᠡᠳ᠋ᠯᠡᠬᠦ ᠭᠤᠶᠤᠴᠢᠯᠠᠯ ᠳᠤᠷᠠᠳᠴᠤ᠂ ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠃ ᠬᠠᠮᠲᠤ ᠪᠠᠷ ᠡᠳ᠋ᠯᠡᠬᠦ ᠶᠢ ᠵᠥᠪᠰᠢᠶᠡᠷᠡᠪᠡᠯ᠂ ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠨᠢ ᠬᠠᠷᠢᠭᠤᠯᠲᠠ ᠥᠭᠭᠦᠭᠰᠡᠨ ᠡᠳᠦᠷ ᠠᠴᠠ  5 ᠠᠵᠢᠯᠯᠠᠬᠤ ᠡᠳᠦᠷ ᠤᠨ ᠳᠣᠲᠣᠷ᠎ᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ︔ ᠬᠠᠮᠲᠤ ᠪᠠᠷ ᠡᠳ᠋ᠯᠡᠬᠦ ᠶᠢ ᠲᠡᠪᠴᠢᠪᠡᠯ᠂ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠬᠠᠩᠭᠠᠬᠤ ᠬᠡᠷᠡᠭᠲᠡᠶ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠨᠢ ᠠᠬᠢᠴᠠ ᠶᠢ ᠯᠠᠪᠯᠠᠨ ᠪᠠᠶᠢᠴᠠᠭᠠᠬᠤ ᠴᠢᠳᠠᠪᠤᠷᠢ ᠬᠠᠩᠭᠠᠬᠤ ᠶᠢᠨ ᠬᠠᠮᠲᠤ ᠬᠤᠭᠤᠴᠠᠭ᠎ᠠ ᠲᠤᠯᠬᠤ ᠠᠴᠠ ᠡᠮᠦᠨ᠎ᠡ ᠭᠦᠢᠴᠡᠳᠬᠡᠬᠦ ᠶᠢ ᠰᠠᠨᠠᠭᠤᠯᠵᠤ ᠪᠣᠯᠤᠨ᠎ᠠ᠃      ᠬᠠᠮᠲᠤ ᠪᠠᠷ ᠡᠳ᠋ᠯᠡᠬᠦ ᠥᠬᠡᠶ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠠᠴᠠ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠲᠤ ᠬᠠᠷᠭᠤᠭᠤᠯᠤᠨ ᠬᠠᠷᠢᠴᠠᠭᠤᠯᠬᠤ ᠬᠡᠷᠡᠭᠴᠡᠭᠡ ᠱᠠᠭᠠᠷᠳᠠᠯᠭ᠎ᠠ ᠳᠤᠷᠠᠳᠴᠤ ᠪᠤᠯᠤᠨ᠎ᠠ᠂ ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠴᠦ᠂ ᠵᠣᠬᠢᠬᠤ ᠠᠷᠭ᠎ᠠ ᠮᠠᠶ᠋ᠢᠭ ᠢᠶᠠᠷ ᠴᠠᠭ ᠲᠤᠬᠠᠢ ᠳᠤ ᠨᠢ ᠬᠠᠮᠵᠢᠯᠴᠠᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠶᠢ ᠪᠠᠭᠲᠠᠭᠠᠬᠤ ᠦᠭᠡᠢ᠃      ᠬᠤᠷᠢᠨ ᠬᠤᠶᠠᠳᠤᠭᠠᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠬᠠᠮᠲᠤ ᠪᠠᠷ ᠡᠳ᠋ᠯᠡᠬᠦ ᠶᠢ ᠭᠤᠶᠤᠴᠢᠯᠠᠭᠰᠠᠨ ᠲᠤᠭ᠎ᠠ ᠪᠠᠷᠢᠮᠲᠠ ᠶᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠲᠤ ᠣᠷᠣᠭᠤᠯᠤᠭ᠎ᠠ ᠦᠭᠡᠢ ᠪᠣᠯ᠂ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠬᠡᠷᠡᠭᠴᠡᠭᠡ ᠱᠠᠭᠠᠷᠳᠠᠯᠭ᠎ᠠ ᠶᠢᠨ ᠭᠤᠶᠤᠴᠢᠯᠠᠯ ᠢᠶᠠᠨ ᠲᠤᠰᠢᠶᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠵᠤ᠂ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠢᠶᠠᠷ ᠨᠤᠲᠠᠯᠠᠭᠤᠯᠤᠭᠰᠠᠨ ᠤ ᠳᠠᠷᠠᠭ᠎ᠠ᠂ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠠᠴᠠ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠲᠤ ᠨᠥᠬᠦᠪᠥᠷᠢᠯᠡᠨ ᠣᠷᠣᠭᠤᠯᠤᠨ᠎ᠠ᠃      ᠵᠦᠪᠰᠢᠶᠡᠷᠡᠭᠰᠡᠨ ᠮᠥᠷᠲᠡᠭᠡᠨ ᠰᠢᠭᠤᠳ ᠬᠠᠮᠲᠤ ᠪᠠᠷ ᠡᠳ᠋ᠯᠡᠵᠦ ᠪᠣᠯᠬᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠶᠢᠨ ᠬᠠᠮᠲᠤ᠂ ᠬᠠᠷᠢᠭᠤᠯᠲᠠ ᠥᠭᠭᠦᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠲᠤᠭ᠎ᠠ ᠪᠠᠷᠢᠮᠲᠠ ᠬᠤᠷᠢᠶᠠᠩᠭᠤᠶᠢᠯᠠᠬᠤ᠂ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ︔ ᠬᠠᠮᠢᠶ᠎ᠠ ᠪᠦᠬᠦᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠪᠣᠯᠪᠠᠰᠤᠷᠠᠭᠤᠯᠤᠨ ᠰᠢᠢᠳᠪᠦᠷᠢᠯᠡᠬᠦ ᠴᠢᠬᠤᠯᠠ ᠲᠠᠢ ᠪᠣᠯ ᠬᠠᠮᠲᠤ ᠪᠠᠷ ᠡᠳ᠋ᠯᠡᠬᠦ ᠪᠣᠳᠠᠲᠠᠶ ᠴᠠᠭ ᠢ ᠮᠡᠳᠡᠭᠳᠡᠬᠦ ᠬᠡᠷᠡᠭᠲᠡᠶ︔ ᠲᠤᠭ᠎ᠠ ᠪᠠᠷᠢᠮᠲᠠ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠭᠤᠯᠳᠤ ᠰᠢᠰᠲ᠋ᠧᠮ ᠳᠤ ᠬᠠᠳᠠᠭᠠᠯᠠᠭᠳᠠᠵᠤ ᠪᠠᠶᠢᠪᠠᠯ᠂ 5 ᠠᠵᠢᠯᠯᠠᠬᠤ ᠡᠳᠦᠷ ᠤᠨ ᠳᠣᠲᠣᠷ᠎ᠠ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠭᠤᠶᠤᠴᠢᠯᠠᠯ ᠲᠤᠰᠢᠶᠠᠨ᠂ ᠭᠤᠶᠤᠴᠢᠯᠠᠯ ᠢ ᠵᠥᠪᠰᠢᠶᠡᠷᠡᠭᠰᠡᠨ ᠤ ᠳᠠᠷᠠᠭ᠎ᠠ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ︔ ᠬᠠᠮᠲᠤ ᠪᠠᠷ ᠡᠳ᠋ᠯᠡᠬᠦ ᠭᠤᠶᠤᠴᠢᠯᠠᠯ ᠢ ᠵᠥᠪᠰᠢᠶᠡᠷᠡᠬᠦ ᠥᠬᠡᠶ ᠪᠠᠶᠢᠪᠠᠯ᠂ 5 ᠠᠵᠢᠯᠯᠠᠬᠤ ᠡᠳᠦᠷ ᠤᠨ ᠳᠣᠲᠣᠷ᠎ᠠ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠬᠠᠷᠠᠭᠠᠯᠵᠠᠭᠰᠠᠨ ᠦᠨᠳᠦᠰᠦᠯᠡᠯ ᠢ ᠬᠠᠩᠭᠠᠬᠤ ᠬᠡᠷᠡᠭᠲᠡᠶ᠃      ᠬᠤᠷᠢᠨ ᠭᠤᠷᠪᠠᠳᠤᠭᠠᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠤᠯᠤᠰ᠂ ᠥᠪᠡᠷᠲᠡᠭᠡᠨ ᠵᠠᠰᠠᠬᠤ ᠣᠷᠣᠨ ᠪᠤᠶᠤ ᠪᠤᠰᠤᠳ ᠠᠶᠢᠮᠠᠭ ᠬᠤᠲᠠ ᠶᠢᠨ ᠲᠠᠪᠴᠠᠩ ᠤᠨ ᠬᠠᠮᠢᠶ᠎ᠠ ᠪᠦᠬᠦᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠭᠤᠶᠤᠴᠢᠯᠠᠬᠤ ᠴᠢᠬᠤᠯᠠ ᠲᠠᠢ ᠪᠣᠯ᠂ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠨ ᠭᠤᠶᠤᠴᠢᠯᠠᠯ ᠳᠡᠪᠰᠢᠭᠦᠯᠦᠨ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠵᠤ ᠣᠯᠬᠤ ᠬᠡᠷᠡᠭᠲᠡᠶ᠃      ᠲᠠᠪᠤᠳᠤᠭᠠᠷ ᠪᠦᠯᠦᠭ    ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ      ᠬᠤᠷᠢᠨ ᠳᠥᠷᠪᠡᠳᠦᠭᠡᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠠᠤᠯᠢ ᠶᠣᠰᠣᠭᠠᠷ᠂ ᠡᠮᠬᠢ ᠵᠢᠷᠤᠮ ᠲᠠᠢ ᠪᠠᠷ ᠨᠡᠭᠡᠭᠡᠯᠲᠡ ᠬᠢᠨ᠎ᠡ᠃      ᠬᠤᠲᠠ ᠶᠢᠨ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠶ ᠶᠢᠨ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠲᠣᠰ ᠱᠠᠲᠤᠨ ᠤ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ ᠵᠢᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠭᠤᠤᠯᠳᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠨᠡᠶᠢᠭᠡᠮ ᠤᠨ ᠲᠤᠯᠭᠠᠮ᠎ᠠ ᠬᠡᠷᠡᠭᠴᠡᠭᠡ ᠲᠠᠢ᠂ ᠠᠵᠢᠯ ᠲᠥᠷᠥᠯ ᠤᠨ ᠥᠷᠲᠡᠭ ᠨᠡᠮᠡᠭᠳᠡᠯ ᠤᠨ ᠳᠠᠯᠳᠠ ᠬᠦᠴᠦᠨ ᠢᠶᠠᠷ ᠢᠯᠡᠷᠬᠡᠶ ᠪᠠ ᠠᠵᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠨᠢ ᠴᠢᠬᠤᠯᠠ ᠶᠡᠭᠡ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠤᠷᠢᠳ ᠢᠶᠠᠷ ᠨᠡᠭᠡᠭᠡᠯᠲᠡ ᠬᠢᠬᠦ ᠬᠡᠷᠡᠭᠲᠡᠢ᠃       ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠢᠳᠡᠪᠬᠢᠲᠡᠶ ᠬᠠᠮᠵᠢᠯᠴᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠠᠵᠢᠯ ᠢ ᠠᠬᠢᠭᠤᠯᠵᠤ᠂ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠤᠨ ᠬᠡᠪᠴᠢᠶᠡᠨ ᠳᠣᠲᠣᠷ᠎ᠠ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠲᠤᠰ ᠱᠠᠲᠤᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠨᠡᠶᠢᠲᠡᠯᠡᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠯᠲᠡ ᠬᠢᠬᠦ ᠰᠢᠨᠵᠢ ᠴᠢᠨᠠᠷ ᠢᠶᠠᠷ ᠨᠢ ᠨᠡᠭᠡᠭᠡᠯᠲᠡ ᠬᠢᠬᠦ ᠦᠭᠡᠢ᠂ ᠨᠥᠬᠦᠴᠡᠯ ᠲᠠᠢ ᠨᠡᠭᠡᠭᠡᠯᠲᠡ ᠬᠢᠬᠦ ᠪᠠ ᠨᠥᠬᠦᠴᠡᠯ ᠦᠭᠡᠶ ᠪᠠᠷ ᠨᠡᠭᠡᠭᠡᠯᠲᠡ ᠬᠢᠬᠦ 3 ᠲᠥᠷᠥᠯ ᠬᠤᠪᠢᠶᠠᠨ᠎ᠠ᠃      ︵ᠨᠢᠭᠡ︶ ᠬᠤᠳᠠᠯᠳᠤᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠳᠤ ᠬᠤᠯᠪᠣᠭᠳᠠᠬᠤ ᠪᠤᠶᠤ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠡᠭᠡᠭᠡᠯᠲᠡ ᠬᠢᠵᠦ  ᠪᠣᠯᠬᠤ ᠦᠭᠡᠢ ᠭᠡᠵᠦ ᠲᠣᠭᠲᠠᠭᠠᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠨᠢ ᠨᠡᠭᠡᠭᠡᠯᠲᠡ ᠬᠢᠬᠦ ᠦᠭᠡᠢ ᠲᠥᠷᠥᠯ ᠳᠤ ᠬᠠᠷᠢᠶᠠᠯᠠᠭᠳᠠᠨ᠎ᠠ︔      ︵ᠬᠤᠶᠠᠷ︶ ᠡᠲᠡᠭᠡᠳ᠂ ᠬᠡᠷᠡᠭᠴᠡᠭᠡ᠂ ᠬᠡᠷᠡᠭᠯᠡᠬᠦ ᠬᠡᠪᠴᠢᠶ᠎ᠡ ᠵᠡᠷᠭᠡ ᠶᠢ ᠬᠢᠵᠠᠭᠠᠷ ᠲᠠᠢ ᠲᠣᠭᠲᠠᠭᠠᠭᠰᠠᠨ ᠣᠨᠴᠠᠭᠠᠢ ᠨᠥᠬᠦᠴᠡᠯ ᠳᠣᠣᠷ᠎ᠠ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠳᠤ ᠬᠠᠩᠭᠠᠵᠤ ᠪᠣᠯᠬᠤ ᠤᠯᠠᠨ ᠨᠡᠶᠢᠲᠡ ᠶᠢᠨ ᠲᠤᠭ᠎ᠠ ᠪᠠᠷᠢᠮᠲᠠ ᠨᠢ ᠨᠥᠬᠦᠴᠡᠯ ᠲᠠᠢ ᠨᠡᠭᠡᠭᠡᠯᠲᠡ ᠬᠢᠬᠦ ᠲᠦᠷᠦᠯ ᠳᠤ ᠬᠠᠷᠢᠶᠠᠯᠠᠭᠳᠠᠨ᠎ᠠ᠃      ︵ᠭᠤᠷᠪᠠ︶ ᠨᠡᠭᠡᠭᠡᠯᠲᠡ ᠬᠢᠬᠦ ᠦᠭᠡᠢ ᠲᠥᠷᠥᠯ ᠪᠠ ᠨᠥᠬᠦᠴᠡᠯ ᠲᠠᠢ ᠨᠡᠭᠡᠭᠡᠯᠲᠡ ᠬᠢᠬᠦ ᠲᠥᠷᠥᠯ ᠠᠴᠠ ᠭᠠᠳᠠᠨᠠᠬᠢ ᠪᠤᠰᠤᠳ ᠤᠯᠠᠨ ᠨᠡᠶᠢᠲᠡ ᠶᠢᠨ ᠲᠤᠭ᠎ᠠ ᠪᠠᠷᠢᠮᠲᠠ ᠨᠢ ᠨᠥᠬᠦᠴᠡᠯ ᠦᠭᠡᠢ ᠨᠡᠭᠡᠭᠡᠯᠲᠡ ᠬᠢᠬᠦ ᠲᠥᠷᠥᠯ ᠳᠤ ᠬᠠᠷᠢᠶᠠᠯᠠᠭᠳᠠᠨ᠎ᠠ᠃      ᠬᠤᠷᠢᠨ ᠵᠢᠷᠭᠤᠳᠤᠭᠠᠷ ᠵᠦᠢᠯ  ᠨᠥᠬᠦᠴᠡᠯ ᠦᠭᠡᠢ ᠨᠡᠭᠡᠭᠡᠯᠲᠡ ᠬᠢᠬᠦ ᠲᠥᠷᠥᠯ ᠤᠨ ᠣᠯᠠᠨ ᠨᠡᠶᠢᠲᠡ ᠵᠢᠨ‌‍ᠲ᠋ᠤᠭ᠎ᠠ ᠪᠠᠷᠢᠮᠲᠠ ᠶᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠰᠢᠭᠤᠳ ᠣᠯᠵᠤ ᠪᠣᠯᠤᠨ᠎ᠠ᠃      ᠨᠥᠬᠦᠴᠡᠯ ᠲᠠᠢ ᠨᠡᠭᠡᠭᠡᠯᠲᠡ ᠬᠢᠬᠦ ᠲᠥᠷᠥᠯ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠢᠶᠠᠷ ᠳᠠᠮᠵᠢᠭᠤᠯᠤᠨ ᠭᠤᠶᠤᠴᠢᠯᠠᠯ ᠳᠡᠪᠰᠢᠭᠦᠯᠵᠦ᠂ ᠪᠣᠳᠠᠲᠠᠶ ᠬᠡᠷᠡᠭᠯᠡᠭᠡᠨ ᠤ ᠠᠬᠤᠶ᠂ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠬᠡᠪᠴᠢᠶ᠎ᠡ᠂ ᠲᠤᠭ᠎ᠠ ᠪᠠᠷᠢᠮᠲᠠ ᠬᠠᠩᠭᠠᠬᠤ ᠠᠷᠭ᠎ᠠ ᠮᠠᠶ᠋ᠢᠭ᠂ ᠲᠤᠭ᠎ᠠ ᠪᠠᠷᠢᠮᠲᠠ ᠬᠡᠷᠡᠭᠯᠡᠬᠦ ᠴᠠᠭ ᠤᠨ ᠬᠢᠵᠠᠭᠠᠷ ᠪᠠ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠷᠤᠮᠵᠢᠯ ᠤᠨ ᠴᠢᠨᠠᠷᠲᠠᠶ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠬᠢᠨᠠᠨ ᠬᠠᠷᠭᠤᠭᠤᠯᠵᠤ ᠪᠠᠲᠤᠯᠠᠭᠰᠠᠨ ᠪᠠᠶᠢᠪᠠᠯ᠂ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠲᠤ ᠰᠢᠯᠵᠢᠭᠦᠯᠦᠨ᠎ᠡ︔ ᠬᠢᠨᠠᠨ ᠬᠠᠷᠭᠤᠭᠤᠯᠤᠯᠲᠠ ᠳᠤ ᠪᠠᠲᠤᠯᠠᠭᠳᠠᠭᠰᠠᠨ ᠦᠭᠡᠢ ᠪᠠᠶᠢᠪᠠᠯ᠂ ᠭᠤᠶᠤᠴᠢᠯᠠᠯ ᠢ ᠪᠤᠴᠠᠭᠠᠬᠤ ᠶᠢᠨ ᠬᠠᠮᠲᠤ ᠤᠴᠢᠷ ᠰᠢᠯᠲᠠᠭᠠᠨ ᠢ ᠲᠣᠳᠣᠷᠬᠠᠶᠢᠯᠠᠨ᠎ᠠ᠃      ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠨᠢ ᠨᠡᠭᠡᠭᠡᠯᠲᠡ ᠬᠢᠬᠦ ᠶᠢ ᠵᠥᠪᠰᠢᠶᠡᠷᠡᠭᠰᠡᠨ ᠪᠠᠶᠢᠪᠠᠯ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠪᠠ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠬᠤ ᠶᠢᠨ ᠬᠠᠮᠲᠤ ᠴᠠᠭ ᠲᠤᠬᠠᠢ ᠳᠤ ᠨᠢ ᠭᠤᠶᠤᠴᠢᠯᠠᠭᠴᠢ ᠳᠤ ᠨᠡᠭᠡᠭᠡᠯᠲᠡ ᠬᠢᠬᠦ ᠬᠡᠷᠡᠭᠲᠡᠢ︔ ᠨᠡᠭᠡᠭᠡᠯᠲᠡ ᠬᠢᠬᠦ ᠶᠢ ᠵᠥᠪᠰᠢᠶᠡᠷᠡᠬᠦ ᠦᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠶᠢᠨ ᠬᠠᠮᠲᠤ ᠬᠠᠷᠠᠭᠠᠯᠵᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠶᠢ ᠬᠠᠩᠭᠠᠬᠤ ᠬᠡᠷᠡᠭᠲᠡᠢ᠃      ᠬᠤᠷᠢᠨ ᠳᠣᠯᠣᠳᠤᠭᠠᠷ ᠵᠦᠢᠯ  ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ  ᠨᠡᠭᠡᠭᠡᠯᠲᠡ ᠬᠢᠭᠰᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠨᠢ ᠤᠯᠤᠰ ᠤᠨ ᠠᠮᠤᠷ ᠲᠦᠪᠰᠢᠨ᠂ ᠣᠯᠠᠨ ᠨᠡᠶᠢᠲᠡ ᠶᠢᠨ ᠠᠰᠢᠭ ᠲᠤᠰᠠ ᠳᠤ ᠬᠠᠯᠳᠠᠵᠤ ᠮᠡᠳᠡᠬᠦ ᠪᠤᠶᠤ ᠪᠤᠰᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠵᠤ ᠮᠡᠳᠡᠬᠦ ᠶᠢ ᠣᠯᠵᠤ ᠮᠡᠳᠡᠪᠡᠯ᠂ ᠡᠰᠡᠬᠦᠯ᠎ᠡ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠠᠴᠠ ᠣᠨᠳᠣᠤ ᠰᠠᠨᠠᠯ ᠳᠤᠷᠠᠳᠤᠭᠰᠠᠨ ᠪᠠᠶᠢᠪᠠᠯ᠂ ᠲᠡᠷᠡ ᠳᠠᠷᠤᠶ ᠳᠤ ᠨᠢ ᠨᠡᠭᠡᠭᠡᠯᠲᠡ ᠬᠢᠬᠦ ᠶᠢ ᠵᠣᠭᠰᠣᠭᠠᠬᠤ ᠶᠢᠨ ᠬᠠᠮᠲᠤ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠨᠳᠦᠰᠦᠯᠡᠨ ᠲᠤᠰ ᠲᠤᠰ ᠲᠤᠭ᠎ᠠ ᠪᠠᠷᠢᠮᠲᠠ ᠪᠠᠨ ᠪᠤᠴᠠᠭᠠᠬᠤ᠂ ᠨᠡᠭᠡᠭᠡᠯᠲᠡ ᠬᠢᠬᠦ ᠶᠢ ᠰᠡᠷᠭᠦᠭᠡᠬᠦ ᠪᠤᠶᠤ ᠬᠠᠤᠯᠢ ᠶᠣᠰᠣᠭᠠᠷ  ᠰᠢᠢᠳᠪᠦᠷᠢᠯᠡᠭᠰᠡᠨ ᠤ ᠳᠠᠷᠠᠭ᠎ᠠ ᠨᠡᠭᠡᠭᠡᠯᠲᠡ ᠬᠢᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠮᠢᠶ᠎ᠠ ᠪᠦᠬᠦᠢ ᠪᠠᠶᠢᠳᠠᠯ ᠢ ᠬᠤᠯᠪᠣᠭᠳᠠᠯ ᠪᠦᠬᠦᠢ ᠪᠠᠶᠢᠭᠠᠯᠢ ᠬᠥᠮᠦᠨ᠂ ᠬᠠᠤᠯᠢ ᠶᠢᠨ ᠡᠷᠬᠡᠲᠡᠨ ᠪᠤᠶᠤ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠳᠤ ᠴᠠᠭ ᠲᠤᠬᠠᠶ ᠳᠤ ᠨᠢ ᠬᠠᠷᠢᠭᠤ ᠲᠤᠰᠬᠠᠬᠤ ᠬᠡᠷᠡᠭᠲᠡᠶ᠃      ᠬᠤᠷᠢᠨ ᠨᠠᠢᠮᠠᠳᠤᠭᠠᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠠᠵᠢᠯ ᠢ ᠠᠬᠢᠭᠤᠯᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠬᠡᠪᠴᠢᠶ᠎ᠡ ᠶᠢ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠨᠡᠭᠡᠭᠡᠯᠲᠡ ᠬᠢᠬᠦ ᠦᠭᠡᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠨᠡᠭᠡᠭᠡᠯᠲᠡ ᠬᠢᠬᠦ ᠬᠡᠪᠴᠢᠶ᠎ᠡ ᠶᠢ ᠲᠠᠰᠤᠷᠠᠯᠲᠠ ᠤᠢᠭᠡᠢ ᠥᠷᠭᠡᠳᠬᠡᠬᠦ ᠬᠡᠷᠡᠭᠲᠡᠶ᠃      ᠵᠢᠷᠭᠤᠳᠤᠭᠠᠷ ᠪᠦᠯᠦᠭ    ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ      ᠬᠤᠷᠢ ᠶᠢᠰᠦᠳᠦᠭᠡᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠳᠤ ᠪᠠᠨ ᠤᠯᠤᠰ ᠤᠨ ᠠᠰᠢᠭ ᠲᠤᠰᠠ᠂ ᠨᠡᠶᠢᠭᠡᠮ ᠤᠨ ᠣᠯᠠᠨ ᠨᠡᠶᠢᠲᠡ ᠶᠢᠨ ᠠᠰᠢᠭ ᠲᠤᠰᠠ ᠪᠠ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠶ᠃ ᠪᠠᠶᠢᠭᠤᠯᠭ᠎ᠠ ᠪᠠ ᠬᠤᠪᠢ ᠬᠦᠮᠦᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠤᠯᠢ ᠶᠣᠰᠣᠭᠠᠷ ᠨᠡᠭᠡᠭᠡᠨ ᠠᠰᠢᠭᠯᠠᠵᠤ ᠣᠯᠤᠭᠰᠠᠨ ᠡᠳ᠋ ᠬᠥᠷᠥᠩᠭᠡ ᠶᠢᠨ ᠡᠷᠬᠡ ᠠᠰᠢᠭ ᠨᠢ ᠬᠠᠤᠯᠢ ᠪᠠᠷ ᠬᠠᠮᠠᠭᠠᠯᠠᠭᠳᠠᠨ᠎ᠠ᠃      ᠭᠤᠴᠢᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠢᠷᠤᠮᠵᠢᠭᠰᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠰᠢᠰᠲ᠋ᠧᠮᠵᠢ ᠶᠢ ᠪᠠᠶᠢᠭᠤᠯᠬᠤ ᠶᠢ ᠬᠠᠤᠯᠢ ᠶᠣᠰᠣᠭᠠᠷ ᠠᠬᠢᠭᠤᠯᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠷᠬᠡ ᠣᠯᠭᠤᠵᠤ ᠡᠵᠡᠩᠨᠡᠬᠦ᠂ ᠭᠦᠢᠯᠭᠡᠭᠡᠨ ᠠᠷᠠᠯᠵᠢᠶᠠᠯᠠᠬᠤ ᠵᠡᠷᠭᠡ ᠳᠦᠷᠢᠮ ᠪᠠ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃      ᠭᠤᠴᠢᠨ ᠨᠢᠭᠡᠳᠦᠭᠡᠷ ᠵᠦᠢᠯ  ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠵᠠᠬ᠎ᠠ ᠳᠡᠯᠭᠡᠭᠦᠷ ᠤᠨ ᠭᠤᠤᠯ ᠴᠣᠭᠴᠠ ᠵᠢᠴᠢ ᠬᠤᠪᠢ ᠬᠥᠮᠦᠨ ᠤ ᠬᠠᠤᠯᠢ ᠶᠣᠰᠣᠭᠠᠷ ᠨᠡᠭᠡᠭᠡᠯᠲᠡ ᠲᠠᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠠᠰᠢᠭᠯᠠᠨ ᠰᠢᠨᠵᠢᠯᠡᠬᠦ ᠤᠬᠠᠭᠠᠨ ᠤ ᠰᠤᠳᠤᠯᠭᠠᠨ᠂ ᠦᠢᠯᠡᠳᠬᠦᠨ ᠢ ᠰᠤᠳᠤᠯᠤᠨ ᠨᠡᠭᠡᠭᠡᠬᠦ᠂ ᠵᠥᠪᠯᠡᠯᠭᠡ ᠥᠭᠬᠦ ᠦᠢᠯᠡᠴᠢᠯᠡᠭᠡ᠂ ᠲᠤᠭ᠎ᠠ ᠪᠠᠷᠢᠮᠲᠠ ᠶᠢ ᠪᠣᠯᠪᠠᠰᠤᠷᠠᠭᠤᠯᠬᠤ᠂ ᠲᠤᠭ᠎ᠠ ᠪᠠᠷᠢᠮᠲᠠ ᠶᠢ ᠵᠠᠳᠠᠯᠬᠤ ᠵᠡᠷᠭᠡ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠠᠵᠢᠯᠯᠠᠭ᠎ᠠ ᠥᠷᠨᠢᠭᠦᠯᠬᠦ ᠶᠢ ᠵᠤᠷᠢᠭᠵᠢᠭᠤᠯᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠬᠢᠭᠡᠳ ᠨᠡᠶᠢᠭᠡᠮ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠬᠠᠮᠢᠶ᠎ᠠ ᠪᠦᠬᠦᠢ ᠠᠵᠢᠯᠯᠠᠭ᠎ᠠ ᠠᠴᠠ ᠡᠭᠦᠰᠦᠭᠰᠡᠨ ᠲᠤᠭ᠎ᠠ ᠪᠠᠷᠢᠮᠲᠠ ᠶᠢᠨ ᠦᠢᠯᠡᠳᠬᠦᠨ ᠪᠤᠶᠤ ᠲᠤᠭ᠎ᠠ ᠪᠠᠷᠢᠮᠲᠠ ᠶᠢᠨ ᠦᠢᠯᠡᠴᠢᠯᠡᠭᠡ ᠶᠢ ᠬᠠᠤᠯᠢ ᠶᠣᠰᠣᠭᠠᠷ ᠠᠷᠠᠯᠵᠢᠶᠠᠯᠠᠵᠤ ᠪᠣᠯᠤᠨ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠲᠤᠬᠠᠢ ᠶᠢᠨ ᠬᠥᠮᠥᠨ ᠤ ᠬᠤᠭᠤᠷᠣᠨᠳᠣ ᠠᠰᠲᠠᠭᠠᠨ ᠪᠣᠯᠵᠣᠨ ᠲᠣᠭᠲᠠᠭᠰᠠᠨ ᠪᠠᠶᠢᠳᠠᠯ ᠢ ᠪᠠᠭᠲᠠᠭᠠᠬᠤ ᠦᠭᠡᠢ᠃      ᠳᠣᠯᠣᠳᠤᠭᠠᠷ ᠪᠦᠯᠦᠭ    ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ      ᠭᠤᠴᠢᠨ ᠬᠤᠶᠠᠳᠤᠭᠠᠷ ᠵᠦᠢᠯ  ᠤᠯᠤᠰ ᠤᠨ ᠠᠮᠤᠷ ᠲᠦᠪᠰᠢᠨ ᠤ ᠰᠠᠯᠠᠭ᠎ᠠ ᠮᠥᠴᠢᠷ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠴᠢᠬᠤᠯᠠ ᠶᠡᠭᠡ ᠵᠦᠢᠯᠡᠰ ᠪᠠ ᠴᠢᠬᠤᠯᠠ ᠶᠡᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠬᠠᠷᠢᠭᠤᠴᠠᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠨᠢᠭᠤᠴᠠ ᠨᠣᠮᠧᠷ ᠤᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃      ᠭᠤᠴᠢᠨ ᠭᠤᠷᠪᠠᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠳᠤ ︽ᠬᠡᠨ ᠴᠤᠭᠯᠠᠭᠤᠯᠤᠭᠰᠠᠨ ᠪᠣᠯ ᠬᠡᠨ ᠬᠠᠷᠢᠭᠤᠴᠠᠬᠤ᠂ ᠬᠡᠨ ᠬᠡᠷᠡᠭᠯᠡᠭᠰᠡᠨ ᠪᠣᠯ ᠬᠡᠨ ᠬᠠᠷᠢᠭᠤᠴᠠᠬᠤ᠂ ᠬᠡᠨ ᠠᠵᠢᠯᠯᠠᠭᠤᠯᠤᠭᠰᠠᠨ ᠪᠣᠯ ᠬᠡᠨ ᠬᠠᠷᠢᠭᠤᠴᠠᠬᠤ︾ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠪᠣᠯ ᠲᠤᠰ ᠨᠢᠭᠡᠴᠢ ᠶᠢᠨ ᠢᠶᠠᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠬᠤ ᠪᠠ ᠨᠠᠶᠢᠳᠠᠪᠤᠷᠢᠵᠢᠭᠤᠯᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠡᠪ ᠤᠨ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ᠃      ᠭᠤᠴᠢᠨ ᠳᠥᠷᠪᠡᠳᠦᠭᠡᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠰᠢᠢᠳᠪᠦᠷᠢᠯᠡᠬᠦ ᠪᠦᠬᠦ ᠶᠠᠪᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠳᠤ ᠬᠢᠨᠠᠯᠲᠠ ᠲᠠᠯᠪᠢᠨ ᠵᠢᠯᠤᠭᠤᠳᠴᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠶᠢᠴᠠᠭᠠᠯᠲᠠ ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠥᠮᠦᠵᠢᠯ ᠪᠠ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠢ᠃      ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠲᠥᠷᠥᠯ ᠪᠠ ᠳᠡᠰ ᠬᠤᠪᠢᠶᠠᠨ ᠬᠠᠮᠠᠭᠠᠯᠠᠬᠤ᠂ ᠲᠦᠭᠰᠢᠭᠦᠷᠢ ᠶᠢ ᠦᠨᠡᠯᠡᠨ ᠵᠢᠱᠢᠬᠦ᠂ ᠡᠳᠦᠷ ᠲᠤᠲᠤᠮ ᠤᠨ ᠬᠢᠨᠠᠨ ᠡᠵᠡᠮᠳᠡᠬᠦ ᠵᠡᠷᠭᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠶᠢ ᠬᠢᠨᠠᠨ ᠪᠠᠶᠢᠴᠠᠭᠠᠬᠤ ᠵᠡᠷᠭᠡ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠬᠦ ᠶᠢᠨ ᠬᠠᠮᠲᠤ᠂ ᠲᠤᠰ ᠪᠠᠶᠢᠭᠤᠯᠤᠮᠵᠢ᠂ ᠲᠤᠰ ᠠᠵᠢᠯ ᠲᠥᠷᠥᠯ ᠤᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠥᠷᠨᠢᠭᠦᠯᠵᠦ᠂ ᠲᠤᠰ ᠪᠠᠶᠢᠭᠤᠯᠤᠮᠵᠢ ᠶᠢᠨ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠬᠦ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠲᠣᠭᠲᠠᠭᠰᠠᠨ ᠬᠤᠭᠤᠴᠠᠭ᠎ᠠ ᠲᠠᠢ ᠪᠠᠷ ᠲᠤᠰᠠᠭᠠᠷ ᠬᠠᠳᠠᠭᠠᠯᠠᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃      ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠶᠤᠯᠭᠦᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠷᠢᠯᠠᠭᠤᠯᠬᠤ ᠪᠤᠶᠤ ᠲᠣᠳᠣᠷᠬᠠᠶᠢᠯᠠᠵᠤ᠂ ᠠᠶᠤᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠡᠭᠦᠷᠭᠡᠯᠡᠭᠴᠢ ᠶᠢ ᠲᠣᠭᠲᠠᠭᠠᠨ᠂ ᠠᠵᠢᠯᠲᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠰᠢᠰᠲ᠋ᠧᠮ ᠤᠨ ᠠᠶᠤᠯᠭᠦᠢ ᠶᠢᠨ ᠬᠠᠮᠠᠭᠠᠯᠠᠯᠲᠠ ᠶᠢ ᠴᠢᠩᠭᠠᠷᠠᠭᠤᠯᠤᠨ᠂ ᠰᠢᠰᠲ᠋ᠧᠮ ᠤᠨ ᠠᠶᠤᠯᠭᠦᠢ ᠶᠢ ᠬᠡᠮᠵᠢᠨ ᠲᠣᠭᠲᠠᠭᠠᠬᠤ ᠪᠠ ᠲᠦᠭᠰᠢᠭᠦᠷᠢ ᠶᠢ ᠦᠨᠡᠯᠡᠨ ᠵᠢᠱᠢᠬᠦ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢᠨ ᠰᠢᠰᠲ᠋ᠧᠮ ᠤᠨ ᠠᠶᠤᠯᠭᠦᠢ ᠶᠢ ᠪᠠᠲᠤᠯᠠᠬᠤ ᠬᠡᠷᠡᠭᠲᠡᠶ᠃      ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠭᠤᠣᠯ ᠴᠣᠭᠴᠠ ᠨᠢ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠭᠰᠡᠨ ᠪᠠᠶᠢᠳᠠᠯ ᠢᠶᠠᠨ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ ᠲᠤᠰᠬᠠᠬᠤ ᠬᠡᠷᠡᠭᠲᠡᠢ᠃      ᠭᠤᠴᠢᠨ ᠲᠠᠪᠤᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ᠂ ᠨᠢᠭᠤᠴᠠ ᠨᠣᠮᠧᠷ ᠤᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠠᠵᠢᠯ ᠤᠨ ᠵᠢᠷᠤᠮᠵᠢᠯ ᠢ ᠲᠣᠭᠲᠠᠭᠠᠵᠤ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ᠂ ᠲᠤᠰᠠᠯᠠᠨ ᠰᠢᠢᠳᠪᠦᠷᠢᠯᠡᠬᠦ ᠪᠠ ᠭᠠᠮᠰᠢᠭ ᠠᠴᠠ ᠰᠡᠷᠭᠦᠭᠡᠬᠦ ᠲᠣᠭᠲᠠᠴᠠ ᠶᠢ ᠪᠠᠶᠢᠭᠤᠯᠤᠨ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠤᠭᠤᠷᠣᠨᠳᠣᠬᠢ ᠡᠳᠦᠷ ᠲᠤᠲᠤᠮ ᠤᠨ ᠬᠤᠯᠪᠣᠭᠠᠯᠠᠨ ᠲᠤᠷᠰᠢᠨ ᠲᠣᠬᠢᠷᠠᠭᠤᠯᠬᠤ ᠠᠵᠢᠯ ᠢ ᠴᠢᠩᠭᠠᠳᠬᠠᠵᠤ᠂ ᠭᠡᠨᠡᠳᠲᠡ ᠶᠢᠨ ᠬᠡᠷᠡᠭ ᠡᠭᠦᠰᠬᠦ ᠦᠶ᠎ᠡ ᠳᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶ᠎ᠠ ᠪᠦᠬᠦᠢ ᠠᠵᠢᠯᠯᠠᠭ᠎ᠠ ᠶᠢᠨ ᠪᠦᠲᠦᠮᠵᠢᠲᠡᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃      ᠨᠠᠢᠮᠠᠳᠤᠭᠠᠷ ᠪᠦᠯᠦᠭ    ᠬᠢᠨᠠᠯᠲᠠ ᠲᠠᠯᠪᠢᠵᠤ ᠬᠠᠮᠢᠶᠠᠷᠬᠤ      ᠭᠤᠴᠢᠨ ᠵᠢᠷᠭᠤᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠪᠣᠯ ᠰᠢᠨ᠎ᠡ ᠬᠡᠯᠪᠡᠷᠢ ᠶᠢᠨ ᠣᠯᠠᠨ ᠨᠡᠶᠢᠲᠡ ᠶᠢᠨ ᠡᠬᠢ ᠪᠠᠶᠠᠯᠢᠭ ᠪᠣᠯᠬᠤ ᠤᠴᠢᠷ ᠠᠴᠠ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠭᠡᠳ ᠲᠡᠭᠦᠨ ᠢ ᠬᠤᠪᠢ ᠶᠢᠨ ᠡᠳ᠋ ᠬᠥᠷᠥᠩᠭᠡ ᠪᠠᠷ ᠦᠵᠡᠬᠦ ᠪᠤᠶᠤ ᠳᠤᠷ᠎ᠠ ᠪᠠᠷ ᠢᠶᠠᠨ ᠨᠥᠬᠦᠴᠡᠯ ᠨᠡᠮᠡᠵᠦ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠪᠠ ᠠᠰᠢᠭᠯᠠᠬᠤ ᠶᠢ ᠬᠠᠷᠰᠢᠯᠠᠵᠤ ᠪᠣᠯᠬᠤ ᠦᠭᠡᠶ᠃      ᠭᠤᠴᠢᠨ ᠳᠣᠯᠣᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠴᠤᠭᠯᠠᠭᠤᠯᠬᠤ᠂ ᠭᠠᠷᠴᠠᠭᠯᠠᠬᠤ᠂ ᠬᠤᠷᠠᠮᠳᠤᠭᠤᠯᠬᠤ᠂ ᠬᠠᠮᠲᠤ ᠪᠠᠷ ᠡᠳ᠋ᠯᠡᠬᠦ᠂  ᠨᠡᠭᠡᠭᠡᠯᠲᠡ ᠬᠢᠬᠦ ᠠᠵᠢᠯ ᠤᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠳᠤ ᠬᠢᠨᠠᠯᠲᠠ ᠲᠠᠯᠪᠢᠵᠤ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠤᠯᠲᠠ ᠶᠢᠨ ᠪᠠᠶᠢᠳᠠᠯ ᠢ ᠲᠣᠭᠲᠠᠭᠰᠠᠨ ᠬᠤᠭᠤᠴᠠᠭ᠎ᠠ ᠲᠠᠢ ᠦᠨᠡᠯᠡᠨ ᠵᠢᠱᠢᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠵᠠᠷᠯᠠᠬᠤ ᠬᠡᠷᠡᠭᠲᠡᠶ᠃ ᠦᠨᠡᠯᠡᠨ ᠵᠢᠱᠢᠭᠰᠡᠨ ᠦᠷ᠎ᠡ ᠳ᠋ᠦᠩ ᠢ ᠲᠠᠷᠠᠭᠠᠴᠢ ᠶᠢᠨ ᠵᠢᠯ ᠤᠨ ᠰᠢᠨ᠎ᠡ ᠪᠠᠷ ᠪᠠᠶᠢᠭᠤᠯᠬᠤ ᠪᠠᠷ ᠪᠠᠶᠢᠭ᠎ᠠ ᠵᠠᠰᠠᠭ ᠤᠨ ᠶᠠᠪᠤᠳᠠᠯ ᠤᠨ ᠮᠡᠳᠡᠭᠡ  ᠵᠠᠩᠭᠢᠴᠢᠯᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠢᠬᠤᠯᠠ ᠯᠠᠪᠯᠠᠬᠤ ᠦᠨᠳᠦᠰᠦᠯᠡᠯ ᠪᠣᠯᠭᠠᠨ᠎ᠠ᠃      ᠭᠤᠴᠢᠨ ᠨᠠᠢᠮᠠᠳᠤᠭᠠᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰ ᠪᠠᠶᠢᠭᠤᠯᠤᠮᠵᠢ ᠶᠢᠨ ᠢᠶᠠᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠪᠦᠷᠢᠨ ᠪᠦᠲᠦᠨ᠂ ᠴᠠᠭ ᠲᠤᠬᠠᠶ ᠳᠤ ᠨᠢ᠂ ᠵᠢᠷᠤᠮᠵᠢᠯ ᠲᠠᠢ ᠬᠠᠩᠭᠠᠵᠤ᠂ ᠬᠡᠷᠡᠭᠴᠡᠭᠡ ᠶᠣᠰᠣᠭᠠᠷ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ ᠳᠤ ᠲᠤᠭ᠎ᠠ ᠪᠠᠷᠢᠮᠲᠠ ᠴᠤᠭᠯᠠᠭᠤᠯᠵᠤ᠂ ᠲᠤᠰ ᠪᠠᠶᠢᠭᠤᠯᠤᠮᠵᠢ ᠶᠢᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠰᠢᠯᠭᠠᠨ ᠠᠪᠬᠤ ᠶᠢᠨ ᠴᠢᠬᠤᠯᠠ ᠯᠠᠪᠯᠠᠬᠤ ᠠᠭᠤᠯᠭ᠎ᠠ ᠪᠣᠯᠭᠠᠬᠤ ᠬᠡᠷᠡᠭᠲᠡᠶ᠃      ᠭᠤᠴᠢ ᠶᠢᠰᠦᠳᠦᠭᠡᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠭᠤᠣᠯ ᠴᠣᠭᠴᠠ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠳᠤ ᠠᠯᠳᠠᠭ᠎ᠠ ᠪᠤᠷᠤᠭᠤ ᠲᠠᠢ᠂ ᠣᠷᠬᠢᠭᠳᠠᠭᠤᠯᠤᠭᠰᠠᠨ ᠵᠡᠷᠭᠡ ᠪᠠᠶᠢᠳᠠᠯ ᠣᠷᠣᠰᠢᠵᠤ ᠪᠠᠶᠢᠨ᠎ᠠ ᠭᠡᠵᠦ ᠦᠵᠡᠪᠡᠯ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠲᠠᠪᠴᠠᠩ  ᠢᠶᠠᠷ ᠳᠠᠮᠵᠢᠭᠤᠯᠤᠨ ᠳᠤᠰᠬᠠᠵᠤ ᠪᠣᠯᠣᠨ᠎ᠠ︔ ᠲᠤᠭ᠎ᠠ ᠪᠠᠷᠢᠮᠲᠠ ᠶᠢᠨ ᠰᠤᠷᠪᠤᠯᠵᠢ ᠶᠢᠨ ᠰᠠᠯᠠᠭ᠎ᠠ ᠮᠥᠴᠢᠷ ᠨᠢ ᠲᠡᠮᠲᠡᠭᠯᠡᠨ ᠬᠠᠷᠭᠤᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠴᠠᠭ ᠲᠤᠬᠠᠢ ᠳᠤ ᠨᠢ ᠰᠢᠢᠳᠪᠦᠷᠢᠯᠡᠵᠦ᠂ ᠬᠠᠷᠢᠭᠤ ᠲᠤᠰᠬᠠᠬᠤ ᠬᠡᠷᠡᠭᠲᠡᠢ︔ ᠮᠠᠷᠭᠤᠯᠳᠤᠭᠠᠨ ᠲᠠᠢ ᠪᠣᠯ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠤᠬᠢᠶᠠᠨ ᠪᠠᠶᠢᠭᠤᠯᠵᠤ ᠵᠥᠪᠳᠡᠯᠴᠡᠨ ᠰᠢᠢᠳᠪᠦᠷᠢᠯᠡᠬᠦ ᠬᠡᠷᠡᠭᠲᠡᠢ᠃      ᠶᠢᠰᠦᠳᠦᠭᠡᠷ ᠪᠦᠯᠦᠭ    ᠬᠠᠮᠢᠶ᠎ᠠ ᠪᠦᠬᠦᠢ ᠬᠠᠷᠢᠭᠤᠴᠠᠯᠭ᠎ᠠ      ᠳᠥᠴᠢᠳᠦᠭᠡᠷ ᠵᠦᠢᠯ  ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠳ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠦᠨ᠎ᠡ︔ ᠱᠠᠭᠠᠷᠳᠠᠯᠭ᠎ᠠ ᠶᠣᠰᠣᠭᠠᠷ ᠴᠡᠭᠴᠡᠯᠡᠨ ᠥᠭᠡᠷᠡᠴᠢᠯᠡᠭᠰᠡᠨ ᠦᠭᠡᠢ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠯ ᠪᠠ ᠰᠠᠬᠢᠯᠭ᠎ᠠ ᠪᠠᠲᠤ᠂ ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠦᠷᠢᠯᠡᠭᠦᠯᠦᠨ᠎ᠡ᠃      ︵ᠨᠢᠭᠡ︶ ᠲᠤᠰ ᠪᠠᠶᠢᠭᠤᠯᠤᠮᠵᠢ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠴᠤᠭᠯᠠᠭᠤᠯᠤᠨ ᠡᠮᠬᠢᠳᠬᠡᠬᠦ᠂ ᠬᠠᠮᠲᠤ ᠪᠠᠷ ᠡᠳ᠋ᠯᠡᠵᠦ ᠨᠡᠭᠡᠭᠡᠯᠲᠡ ᠬᠢᠬᠦ᠂ ᠰᠢᠨᠡᠳᠬᠡᠵᠦ ᠬᠠᠮᠠᠭᠠᠯᠠᠬᠤ ᠪᠠ ᠠᠮᠤᠷ ᠲᠦᠪᠰᠢᠨ ᠢ ᠪᠠᠲᠤᠯᠠᠬᠤ ᠵᠡᠷᠭᠡ ᠠᠵᠢᠯ ᠢ ᠲᠣᠭᠲᠠᠭᠠᠯ ᠶᠣᠰᠣᠭᠠᠷ ᠰᠠᠶᠢᠲᠤᠷ ᠬᠢᠭᠰᠡᠨ ᠦᠭᠡᠢ︔      ︵ᠬᠤᠶᠠᠷ︶ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠭᠤᠶᠤᠴᠢᠯᠠᠯ ᠢ ᠬᠢᠨᠠᠨ ᠬᠠᠷᠭᠤᠭᠤᠯᠤᠭᠰᠠᠨ ᠦᠭᠡᠢ ᠪᠤᠶᠤ ᠲᠣᠭᠲᠠᠭᠠᠯ ᠶᠣᠰᠣᠭᠠᠷ ᠲᠤᠭ᠎ᠠ ᠪᠠᠷᠢᠮᠲᠠ ᠶᠢ ᠬᠤᠷᠠᠮᠳᠤᠭᠤᠯᠬᠤ᠂ ᠬᠠᠮᠲᠤ ᠪᠠᠷ ᠡᠳ᠋ᠯᠡᠬᠦ᠂ ᠨᠡᠭᠡᠭᠡᠯᠲᠡ ᠬᠢᠬᠦ ᠶᠢ ᠪᠡᠶᠡᠯᠡᠭᠦᠯᠦᠭᠰᠡᠨ ᠥᠬᠡᠶ︔      ︵ᠭᠤᠷᠪᠠ︶  ᠬᠠᠤᠯᠢ ᠳᠤ ᠲᠤᠭᠳᠠᠭᠠᠭᠰᠠᠨ ᠰᠢᠯᠲᠠᠭᠠᠨ ᠦᠭᠡᠢ ᠪᠠᠷ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠭᠰᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠠᠩᠭᠠᠬᠤ ᠦᠭᠡᠢ ᠪᠤᠶᠤ ᠬᠠᠩᠭᠠᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠦᠭᠡᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠡᠭᠴᠡᠯᠡᠨ ᠰᠠᠶᠢᠵᠢᠷᠠᠭᠤᠯᠬᠤ᠂ ᠬᠢᠨᠠᠨ ᠬᠠᠷᠭᠤᠭᠤᠯᠬᠤ᠂ ᠵᠠᠯᠠᠷᠠᠭᠤᠯᠬᠤ ᠶᠢ ᠲᠡᠪᠴᠢᠬᠦ︔      ︵ᠲᠦᠷᠪᠡ︶ ᠤᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠭᠰᠡᠨ ᠦᠭᠡᠢ︔      ︵ᠲᠠᠪᠤ︶ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ ᠬᠢᠭᠰᠡᠨ᠃      ᠳᠥᠴᠢᠨ ᠨᠢᠭᠡᠳᠦᠭᠡᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠭᠤᠣᠯ ᠴᠣᠭᠴᠠ ᠨᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ ᠶᠠᠪᠤᠴᠠ ᠳᠤ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠣᠯᠠᠨ ᠨᠡᠶᠢᠲᠡ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠠᠴᠠ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠪᠠ ᠳᠡᠰ ᠳᠠᠷᠠᠭᠠᠯᠠᠯ ᠶᠣᠰᠣᠭᠠᠷ ᠰᠢᠮᠳᠠᠭᠤᠯᠤᠨ ᠵᠠᠯᠠᠷᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠣᠯᠬᠤ ᠡᠷᠬᠡ ᠮᠡᠳᠡᠯ ᠤᠨ ᠬᠡᠪᠴᠢᠶ᠎ᠡ ᠶᠢ ᠲᠦᠷ ᠬᠠᠭᠠᠬᠤ ᠬᠡᠷᠡᠭᠲᠡᠢ︔ ᠱᠠᠭᠠᠷᠳᠠᠯᠭ᠎ᠠ ᠶᠣᠰᠣᠭᠠᠷ ᠵᠠᠯᠠᠷᠠᠭᠤᠯᠤᠭᠰᠠᠨ ᠦᠭᠡᠢ ᠪᠣᠯ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃      ︵ᠨᠢᠭᠡ︶ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠠᠰᠢᠭᠯᠠᠨ ᠬᠠᠤᠯᠢ ᠪᠤᠰᠤ ᠠᠰᠢᠭ ᠤᠯᠬᠤ︔      ︵ᠬᠤᠶᠠᠷ︶ ᠬᠠᠮᠢᠶ᠎ᠠ ᠪᠦᠬᠦᠢ ᠡᠷᠬᠡ ᠠᠰᠢᠭ ᠢ ᠳᠤᠷ᠎ᠠ ᠪᠠᠷ ᠢᠶᠠᠨ ᠬᠡᠷᠡᠭᠯᠡᠵᠦ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ︔      ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠤᠶᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠠᠰᠢᠭᠯᠠᠬᠤ ᠬᠡᠯᠡᠯᠴᠡᠭᠡᠷ ᠢ ᠵᠥᠷᠢᠴᠡᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠬᠡᠷᠡᠭᠯᠡᠬᠦ᠃      ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠪᠤᠶᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠠᠰᠢᠭᠯᠠᠬᠤ ᠬᠡᠯᠡᠯᠴᠡᠭᠡᠷ ᠢ ᠵᠦᠷᠢᠴᠡᠨ᠂ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ︔      ︵ᠲᠠᠪᠤ︶ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠶᠣᠰᠣᠲᠠᠢ ᠪᠤᠰᠤᠳ ᠠᠵᠢᠯᠯᠠᠭ᠎ᠠ᠃      ᠳᠥᠴᠢᠨ ᠬᠤᠶᠠᠳᠤᠭᠠᠷ ᠵᠦᠢᠯ  ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠠᠷᠭ᠎ᠠ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠥᠬᠡᠶ ᠪᠤᠶᠤ ᠵᠥᠪ ᠢᠶᠠᠷ ᠭᠦᠢᠴᠡᠳᠬᠡᠭᠰᠡᠨ ᠥᠬᠡᠶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠴᠡᠭᠴᠡᠯᠡᠨ ᠥᠭᠡᠷᠡᠴᠢᠯᠡᠭᠦᠯᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠬᠠᠮᠢᠶ᠎ᠠ ᠪᠦᠬᠦᠢ ᠬᠥᠮᠦᠰ ᠲᠤ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠰᠢᠢᠳᠭᠡᠯ ᠥᠭᠭᠦᠨ᠎ᠡ᠃      ᠠᠷᠪᠠᠳᠤᠭᠠᠷ ᠪᠦᠯᠦᠭ    ᠳᠠᠭᠠᠯᠳᠤᠭᠤᠯᠤᠭᠰᠠᠨ ᠳᠦᠷᠢᠮ      ᠳᠥᠴᠢᠨ ᠭᠤᠷᠪᠠᠳᠤᠭᠠᠷ ᠵᠦᠢᠯ  ᠪᠤᠰᠤᠳ ᠡᠳ᠋ ᠤᠨ ᠵᠠᠰᠠᠭ ᠤᠨ ᠲᠥᠰᠦᠪ ᠤᠨ ᠰᠠᠯᠠᠭ᠎ᠠ ᠮᠥᠴᠢᠷ ᠲᠤᠰ ᠬᠤᠲᠠ ᠶᠢᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠮᠢᠶᠠᠷᠬᠤ ᠪᠠ ᠬᠡᠷᠡᠭᠯᠡᠬᠦ ᠠᠵᠢᠯᠯᠠᠭ᠎ᠠ ᠳᠤ ᠣᠷᠣᠯᠴᠠᠬᠤ ᠳᠤ ᠲᠣᠰ ᠠᠷᠭ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠳᠥᠴᠢᠨ ᠳᠥᠷᠪᠡᠳᠦᠭᠡᠷ ᠵᠦᠢᠯ  ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2 ᠵᠢᠯ ᠪᠣᠯᠤᠨ᠎ᠠ᠃         
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ