ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠢ ᠵᠠᠷᠯᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/11/26
            ᠬᠥᠬᠡᠬᠤᠲᠠ ᠵᠠᠰᠠᠭ ᠲᠠᠷᠬᠠᠭᠠᠭᠰᠠᠨ ﹇2024﹈ 30 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ  ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂  ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄       ᠬᠥᠬᠡᠬᠤᠲᠠ ᠶᠢᠨ ᠠᠷᠠᠳ ‍ᠤᠨ‌ᠵᠠᠰᠠᠭ ᠤᠨ ᠣᠷᠳᠣᠨ ᠤ 2024 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠪᠠᠲᠤᠯᠠᠵᠤ᠂ ᠡᠳᠦᠭᠡ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠭᠰᠠᠨ ᠵᠠᠰᠠᠭ  ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ︾ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠣᠭᠰᠠᠨ ᠢ ᠵᠠᠷᠯᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠭᠠᠷᠴᠠᠭ ᠲᠤ ᠣᠷᠣᠭᠰᠠᠨ ᠵᠠᠰᠠᠭ  ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠶᠢ  ᠵᠣᠭᠰᠣᠭᠠᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠵᠢᠯ ᠲᠠᠢ ᠪᠠᠨ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ᠳᠠᠭᠠᠯᠳᠤᠭᠤᠯᠤᠯ᠄      1. ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠦᠴᠦᠨ ᠥᠬᠡᠶ ᠪᠣᠯᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ ᠤᠨ ᠭᠠᠷᠴᠠᠭ ︵6︶        2. ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠦᠴᠦᠨ ᠥᠬᠡᠶ ᠪᠣᠯᠤᠭᠰᠠᠨ ᠢ ᠵᠠᠷᠯᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ  ᠮᠠᠲ᠋ᠧᠷᠢᠶᠠᠯ ᠤᠨ ᠭᠠᠷᠴᠠᠭ ︵2︶                    ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                     2024 ᠣᠨ ᠤ 10 ᠳ᠋ᠤᠭᠠᠷ ᠰᠠᠷ᠎ᠠ ᠶᠢᠨ 17 ᠤ ᠡᠳᠦᠷ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ