︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 26 ᠤ ᠡᠳᠦᠷ᠂ ᠬᠥᠬᠡᠬᠤᠲᠠ ᠶᠢᠨ ᠠᠨᠠᠭᠠᠬᠤ ᠤᠬᠠᠭᠠᠨ ᠤ ᠪᠠᠴᠢᠮ ᠠᠪᠤᠷᠠᠨ | ᠲᠤᠰᠠᠯᠠᠬᠤ ᠰᠠᠭᠤᠷᠢᠨ ᠭᠠᠵᠠᠷ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠳᠤ ᠫᠠᠶᠢᠰᠠ ᠪᠠᠨ ᠰᠡᠬᠦᠪᠡ᠂ ᠡᠨᠡ ᠨᠢ ᠬᠥᠬᠡᠬᠤᠲᠠ ᠶᠢᠨ ᠲᠦᠷᠭᠡᠨ | ᠳᠤᠰᠬᠠᠯ ᠭᠠᠷᠭᠠᠵᠤ᠂ ᠥᠨᠳᠥᠷ ᠪᠦᠲᠦᠮᠵᠢᠲᠡᠶ ᠠᠪᠤᠷᠠᠬᠤ ᠡᠮᠴᠢᠯᠡᠭᠡᠨ ᠤ ᠪᠠᠴᠢᠮ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠬᠤ ᠳᠤ ᠴᠢᠬᠤᠯᠠ ᠨᠢᠭᠡ ᠠᠯᠬᠤᠮ | ᠠᠯᠬᠤᠭᠰᠠᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠲᠣᠰ ᠰᠠᠭᠤᠷᠢᠨ ᠭᠠᠵᠠᠷ ᠢ ᠪᠠᠶᠢᠭᠤᠯᠤᠭᠰᠠᠨ ᠨᠢ ᠬᠤᠲᠠ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠬᠦ ᠪᠠᠷ ᠪᠠᠷᠠᠬᠤ ᠦᠭᠡᠢ ᠪᠠᠰᠠ ᠡᠮᠴᠢᠯᠡᠭᠡᠨ ᠠᠴᠠ ᠡᠮᠦᠨᠡᠬᠢ ᠲᠦᠷᠭᠡᠨ ᠠᠪᠤᠷᠠᠯᠲᠠ ᠪᠠ ᠡᠮᠨᠡᠯᠭᠡ ᠶᠢᠨ ᠬᠤᠷᠢᠶ᠎ᠠ ᠶᠢᠨ ᠠᠪᠤᠷᠠᠨ ᠵᠠᠰᠠᠯᠲᠠ ᠶᠢᠨ | ᠬᠤᠭᠤᠷᠣᠨᠳᠤ ᠪᠦᠲᠦᠮᠵᠢᠲᠡᠶ ᠵᠣᠯᠭᠠᠭᠤᠯᠬᠤ ᠪᠣᠯᠣᠨ᠎ᠠ᠃ ᠬᠥᠬᠡᠬᠤᠲᠠ ᠶᠢᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠰᠠᠭᠤᠷᠢᠨ ᠭᠠᠵᠠᠷ ᠨᠢ | ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠪᠠᠷ ᠰᠠᠭᠤᠷᠢ ᠪᠣᠯᠭᠠᠵᠤ᠂ ᠬᠥᠬᠡᠬᠤᠲᠠ ᠶᠢᠨ 120 ᠡᠮᠴᠢᠯᠡᠭᠡᠨ ᠤ ᠪᠠᠴᠢᠮ ᠠᠪᠤᠷᠠᠯᠳᠠ ᠶᠢᠨ | ᠵᠢᠯᠤᠭᠤᠳᠬᠤ ᠲᠥᠪ ᠲᠠᠢ ᠬᠤᠯᠪᠤᠭᠠᠯᠠᠨ᠂ ᠡᠮᠨᠡᠯᠭᠡ ᠶᠢᠨ ᠬᠤᠷᠢᠶᠠᠨ ᠤ ᠰᠠᠭᠤᠷᠢ ᠲᠥᠬᠦᠭᠡᠷᠦᠮᠵᠢ ᠶᠢ ᠳᠡᠰ ᠳᠡᠪᠰᠢᠭᠦᠯᠦᠨ ᠥᠭᠡᠷᠡᠴᠢᠯᠡᠵᠦ᠂ ᠡᠮᠨᠡᠯᠭᠡ ᠶᠢᠨ | ᠬᠤᠷᠢᠶᠠᠨ ᠳᠤ ᠢᠷᠡᠬᠦ ᠠᠴᠠ ᠡᠮᠦᠨᠡᠬᠢ ᠵᠢᠴᠢ ᠡᠮᠨᠡᠯᠭᠡ ᠶᠢᠨ ᠬᠤᠷᠢᠶᠠᠨ ᠳᠠᠬᠢ ᠠᠪᠤᠷᠠᠨ ᠵᠠᠰᠠᠬᠤ ᠨᠢᠭᠡᠴᠢ᠂ ᠲᠤᠬᠠᠢ ᠶᠢᠨ ᠲᠠᠯᠠᠪᠤᠷ ᠤᠨ ᠪᠠᠴᠢᠮ ᠠᠪᠤᠷᠠᠯᠲᠠ ᠶᠢᠨ | ᠡᠩᠨᠡᠭᠡ᠂ ᠵᠢᠭᠠᠨ ᠰᠤᠷᠭᠠᠯᠲᠠ ᠵᠢᠴᠢ ᠰᠤᠳᠤᠯᠤᠯ᠂ ᠪᠣᠯᠪᠠᠰᠤᠷᠠᠭᠤᠯᠤᠯ ᠰᠣᠷᠢᠯᠲᠠ᠂ ᠮᠡᠳᠡᠭᠡ ᠵᠠᠩᠭᠢ ᠶᠢᠨ ᠵᠢᠯᠤᠭᠤᠳᠬᠤ ᠰᠢᠰᠲ᠋ᠧᠮ᠂ ᠠᠪᠤᠷᠠᠨ ᠲᠤᠰᠠᠯᠠᠬᠤ | ᠪᠣᠳᠠᠰ ᠢ ᠬᠥᠮᠥᠷᠭᠡᠯᠡᠨ ᠬᠠᠳᠠᠭᠠᠯᠠᠵᠤ ᠲᠣᠬᠢᠷᠠᠭᠤᠯᠤᠨ ᠬᠦᠷᠭᠡᠬᠦ ᠵᠡᠷᠭᠡ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠬᠢᠴᠢᠯᠠᠭᠰᠠᠨ ᠪᠠᠴᠢᠮ | ᠪᠠᠶᠢᠳᠠᠯ ᠤᠨ ᠵᠢᠯᠣᠭᠤᠳᠤᠯᠭ᠎ᠠ᠂ ᠣᠷᠣᠨ ᠠᠯᠤᠰᠯᠠᠭᠰᠠᠨ ᠲᠦᠷᠭᠡᠨ ᠲᠤᠰᠬᠠᠯᠲᠠ᠂ ᠶᠡᠭᠡ ᠬᠡᠮᠵᠢᠶ᠎ᠡ ᠪᠠᠷ ᠲᠥᠪᠯᠡᠷᠡᠭᠦᠯᠦᠨ ᠠᠪᠤᠷᠠᠨ ᠲᠤᠰᠠᠯᠠᠬᠤ᠂ | ᠲᠤᠰᠬᠠᠶᠢᠵᠢᠭᠰᠠᠨ ᠪᠣᠯᠪᠠᠰᠤᠷᠠᠭᠤᠯᠤᠯ᠂ ᠠᠪᠤᠷᠠᠬᠤ ᠪᠣᠳᠠᠰ ᠢ ᠨᠡᠶᠢᠯᠡᠭᠦᠯᠦᠨ ᠨᠥᠭᠡᠴᠡᠯᠡᠬᠦ ᠵᠡᠷᠭᠡ ᠶᠢ ᠪᠡᠶᠡᠯᠡᠭᠦᠯᠵᠡᠢ᠃ |