ᠲᠦᠷᠦᠭᠦᠬᠡᠨ᠂ ᠠᠷᠪᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠬᠤᠯᠪᠣᠭᠠᠲᠤ | ᠤᠷᠤᠯᠳᠤᠭᠠᠨ ᠤ ᠪᠦᠭᠦ ᠤᠯᠤᠰ ᠤᠨ ᠶᠡᠷᠦᠩᠬᠡᠢ ᠰᠢᠢᠳᠪᠦᠷᠢᠲᠦ ᠤᠷᠤᠯᠳᠤᠭᠠᠨ ᠭᠦᠭᠡᠬᠤᠲᠠ ᠳᠤ ᠶᠠᠪᠤᠭᠳᠠᠵᠠᠢ᠃ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ᠂ ᠨᠡᠭᠦᠷᠡᠰᠦ᠂ ᠥᠩᠭᠡᠲᠦ ᠲᠡᠮᠦᠷᠯᠢᠭ᠂ ᠨᠡᠬᠡᠮᠡᠯ᠂ ᠮᠥᠩᠭᠦᠨ ᠭᠦᠢᠯᠭᠡᠭᠡᠨ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ᠂ ᠪᠡᠶ᠎ᠡ ᠶᠢᠨ ᠲᠠᠮᠢᠷ᠂ ᠠᠮᠤᠷ ᠢ | ᠬᠠᠮᠠᠭᠠᠯᠠᠬᠤ ᠵᠡᠷᠭᠡ ᠶᠢᠨ ᠡᠯ᠎ᠡ ᠠᠵᠢᠯ ᠲᠥᠷᠥᠯ ᠤᠨ 20 ᠲᠥᠯᠥᠭᠡᠯᠡᠭᠴᠢᠳ ᠤᠨ ᠠᠩᠭᠢ ᠤᠷᠤᠯᠳᠤᠭᠠᠨ ᠳᠤ ᠣᠷᠣᠯᠴᠠᠪᠠ᠃ | ᠲᠣᠰ ᠬᠤᠭᠤᠴᠠᠭᠠᠨ ᠤ ᠶᠡᠷᠦᠩᠬᠡᠢ ᠰᠢᠢᠳᠪᠦᠷᠢᠲᠦ ᠤᠷᠤᠯᠳᠤᠭᠠᠨ ᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠣᠯᠠᠨ ᠲᠦᠮᠡᠨᠴᠢ | ᠪᠡᠶ᠎ᠡ ᠶᠢᠨ ᠲᠠᠮᠢᠷ ᠤᠨ ᠵᠤᠷᠭᠠᠨ ᠠᠴᠠ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠶᠡᠷᠦᠩᠬᠡᠢ ᠵᠥᠪᠯᠡᠯ ᠠᠴᠠ ᠵᠢᠯᠣᠭᠤᠳᠤᠨ᠂ ᠳᠤᠮᠳᠠᠳᠤ | ᠤᠯᠤᠰ ᠤᠨ ᠠᠵᠤ ᠠᠬᠤᠶᠢᠯᠠᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠪᠡ᠃ ᠲᠤᠰ ᠬᠤᠭᠤᠴᠠᠭᠠᠨ ᠤ ᠰᠢᠢᠳᠪᠦᠷᠢᠲᠦ | ᠤᠷᠤᠯᠳᠤᠭᠠᠨ ᠳᠤ ᠲᠠᠪᠤᠨ ᠬᠥᠮᠥᠨ ᠤ ᠳᠦᠷᠢᠮᠲᠦ ᠤᠷᠤᠯᠳᠤᠭᠠᠨ᠂ ᠭᠤᠷᠪᠠᠨ ᠬᠥᠮᠥᠨ ᠤ ᠳᠦᠷᠢᠮᠲᠦ ᠤᠷᠤᠯᠳᠤᠭᠠᠨ ᠤ ᠲᠥᠷᠥᠯ ᠵᠦᠢᠯ ᠢ ᠲᠣᠬᠢᠷᠠᠭᠤᠯᠵᠤ᠂ | ᠨᠡᠶᠢᠳᠡ 56 ᠲᠠᠯᠠᠪᠤᠷ ᠤᠷᠤᠯᠳᠤᠵᠠᠢ᠃ ᠤᠷᠤᠯᠳᠤᠭᠠᠨ ᠤ ᠬᠡᠪᠴᠢᠶ᠎ᠡ ᠶᠢᠨ ᠲᠠᠯ᠎ᠠ ᠪᠠᠷ ᠲᠡᠦᠬᠡᠨ ᠰᠢᠨ᠎ᠡ ᠲᠡᠮᠳᠡᠭᠯᠡᠯ ᠢ ᠡᠭᠦᠳᠴᠡᠢ᠃ | | | |