︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠰᠧ ᠮᠦᠸᠧ︶ ᠡᠨᠡ ᠵᠢᠯ᠂ ᠬᠤᠲᠠ ᠶᠢᠨ ᠲᠣᠰ ᠱᠠᠲᠤᠨ ᠤ ᠲᠥᠰᠦᠪ ᠲᠤ ᠵᠠᠰᠠᠭ ᠤᠨ | ᠣᠷᠳᠣᠨ ᠠᠴᠠ ᠭᠡᠷ ᠪᠥᠯᠢ ᠪᠠ ᠨᠡᠶᠢᠭᠡᠮ ᠲᠣᠭᠤᠷᠢᠭ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠮᠥᠩᠭᠦ 3000 ᠲᠦᠮᠡᠨ ᠲᠥᠭᠦᠷᠢᠭ᠂ | ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢᠨ ᠡᠵᠡᠩᠨᠡᠯᠲᠡ ᠶᠢᠨ ᠨᠥᠬᠦᠪᠥᠷᠢ 202.82 ᠲᠦᠮᠡᠨ ᠲᠥᠭᠦᠷᠢᠭ ᠢ ᠲᠣᠬᠢᠷᠠᠭᠤᠯᠵᠤ᠂ ᠳᠡᠭᠡᠳᠦ ᠱᠠᠲᠤᠨ ᠤ | ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠮᠥᠩᠭᠦ 1316.5 ᠲᠦᠮᠡᠨ ᠲᠥᠭᠦᠷᠢᠭ ᠢ ᠴᠢᠷᠮᠠᠶᠢᠨ ᠣᠯᠵᠤ᠂ ᠨᠡᠶᠢᠭᠡᠮ | ᠲᠣᠭᠤᠷᠢᠭ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠳᠡᠮᠵᠢᠵᠦ᠂ ᠰᠢᠶᠠᠨ ᠤ ᠱᠠᠲᠤᠨ ᠤ | ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠪᠠᠷ ᠲᠥᠪ ᠪᠣᠯᠭᠠᠵᠤ᠂ ᠰᠢᠶᠠᠩ ᠪᠠᠯᠭᠠᠰᠤᠨ ᠤ ᠠᠰᠠᠷᠠᠮᠵᠢ ᠶᠢᠨ | ᠦᠢᠯᠡᠴᠢᠯᠡᠭᠡᠨ ᠤ ᠲᠥᠪ ᠢᠶᠠᠷ ᠰᠠᠴᠤᠷᠠᠭ ᠪᠣᠯᠭᠠᠵᠤ᠂ ᠲᠣᠰᠬᠤᠨ ᠤ ᠱᠠᠲᠤᠨ ᠤ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ᠂ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢᠶᠠᠷ ᠲᠤᠯᠭᠠᠭᠤᠷᠢᠯᠠᠯ ᠪᠣᠯᠭᠠᠭᠰᠠᠨ ᠬᠥᠳᠡᠭᠡ ᠲᠣᠰᠬᠤᠨ ᠤ ᠠᠰᠠᠷᠠᠮᠵᠢ ᠶᠢᠨ ᠦᠢᠯᠡᠴᠢᠯᠡᠭᠡᠨ ᠤ ᠲᠣᠤᠷ | ᠰᠦᠯᠵᠢᠶ᠎ᠡ ᠶᠢ ᠦᠨᠳᠦᠰᠦᠨ ᠳᠡᠭᠡᠨ ᠪᠦᠷᠢᠯᠳᠦᠭᠦᠯᠪᠡ᠃ ᠡᠭᠦᠨ ᠤ ᠬᠠᠮᠲᠤ᠂ ᠬᠤᠲᠠ ᠶᠢᠨ ᠲᠣᠰ ᠱᠠᠲᠤᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦ ᠶᠢ 1460.36 ᠲᠦᠮᠡᠨ ᠲᠥᠭᠦᠷᠢᠭ ᠳᠣᠭᠢᠷᠠᠭᠤᠯᠵᠤ᠂ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠡᠶᠢᠲᠡ ᠶᠢᠨ | ᠰᠠᠭᠤᠴᠠ ᠵᠢᠴᠢ ᠬᠤᠷᠢᠨᠭᠡᠷ ᠰᠢᠶᠠᠨ ᠤ ᠨᠠᠰᠤᠲᠠᠶᠢᠴᠤᠳ ᠲᠤ ᠦᠢᠯᠡᠴᠢᠯᠡᠬᠦ ᠲᠥᠪ ᠤᠨ ᠲᠥᠷᠥᠯ ᠵᠦᠢᠯ ᠤᠨ ᠰᠡᠯᠪᠢᠨ ᠵᠠᠰᠠᠵᠤ ᠥᠭᠡᠷᠡᠴᠢᠯᠡᠬᠦ ᠵᠢᠴᠢ ᠪᠥᠲᠥᠭᠡᠨ | ᠪᠠᠶᠢᠭᠤᠯᠬᠤ ᠳᠤ ᠬᠡᠷᠡᠭᠯᠡᠪᠡ᠃ | 11 ᠳ᠋ᠦ᠋ᠭᠡᠷ ᠰᠠᠷ᠎ᠠ ᠶᠢᠨ 20 ᠤ ᠡᠳᠦᠷ ᠪᠣᠯᠲᠠᠯ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 5091.21 ᠲᠦᠮᠡᠨ ᠲᠥᠭᠦᠷᠢᠭ | ᠪᠠᠭᠤᠯᠭᠠᠵᠤ᠂ ᠪᠦᠬᠦ ᠬᠤᠲᠠ ᠶᠢᠨ 65517 ᠨᠡᠷᠡᠰ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠥᠨᠳᠥᠷ ᠨᠠᠰᠤᠨ ᠤ ᠨᠥᠬᠦᠪᠥᠷᠢ ᠮᠥᠩᠭᠦ | ᠣᠯᠭᠤᠪᠠ᠃ 2181.79 ᠲᠦᠮᠡᠨ ᠲᠥᠭᠦᠷᠢᠭ ᠪᠠᠭᠤᠯᠭᠠᠵᠤ᠂ 54309 ᠨᠡᠷᠡᠰ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠮᠵᠢ ᠶᠢᠨ | ᠦᠢᠯᠡᠴᠢᠯᠡᠭᠡᠨ ᠤ ᠨᠥᠬᠦᠪᠥᠷᠢ ᠣᠯᠭᠤᠪᠠ᠃ 632.54 ᠲᠦᠮᠡᠨ ᠲᠥᠭᠦᠷᠢᠭ ᠪᠠᠭᠤᠯᠭᠠᠵᠤ᠂ ᠪᠦᠬᠦ ᠬᠤᠲᠠ ᠶᠢᠨ ᠪᠦᠬᠦᠯᠢ 60 ᠨᠠᠰᠤᠨ ᠤ ᠨᠠᠰᠤᠲᠠᠶᠢᠴᠤᠳ ᠢ | ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠳᠤ ᠣᠷᠣᠭᠤᠯᠵᠤ᠂ ᠨᠠᠰᠤᠲᠠᠶᠢᠴᠤᠳ ᠲᠤ ᠬᠥᠭᠵᠢᠯᠲᠡ ᠶᠢᠨ ᠦᠷ᠎ᠡ ᠪᠦᠲᠦᠭᠡᠯ ᠪᠠ ᠥᠲᠡᠯᠦᠭᠡ ᠨᠠᠰᠤᠨ ᠤ ᠵᠣᠯ | ᠵᠢᠷᠭᠠᠯ ᠲᠠᠢ ᠡᠳ᠋ᠯᠡᠭᠦᠯᠪᠡ᠃ | |