ᠪᠥᠬᠦ ᠬᠤᠲᠠ ᠶᠢᠨ ᠰᠣᠨᠢᠨ ᠮᠡᠳᠡᠭᠡᠨ ᠤ ᠲᠤᠬᠠᠶᠢᠯᠠᠭᠰᠠᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/11/28
       ︵ᠳᠠᠳᠤᠯᠭ᠎ᠠ ᠶᠢᠨ ᠰᠤᠷᠪᠤᠯᠵᠢᠯᠠᠭᠴᠢ ᠵᠠᠩ ᠢ ᠲᠤᠦ︶ 11 ᠳ᠋ᠦ᠋ᠭᠡᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠬᠠᠮᠲᠤᠷᠠᠨ ᠪᠥᠬᠦ ᠬᠤᠲᠠ ᠶᠢᠨ ᠰᠣᠨᠢᠨ ᠮᠡᠳᠡᠭᠡᠨ ᠤ ᠲᠤᠬᠠᠶᠢᠯᠠᠭᠰᠠᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ᠃ ᠲᠣᠰ ᠤᠳᠠᠭᠠᠨ ᠤ ᠪᠣᠯᠪᠠᠰᠤᠷᠠᠯ ᠳᠤ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠳᠡᠭᠡᠳᠦ ᠵᠡᠷᠭᠡ ᠶᠢᠨ ᠨᠠᠶᠢᠷᠠᠭᠤᠯᠤᠭᠴᠢ᠂ 18 ᠳ᠋ᠤᠭᠠᠷ ᠬᠤᠭᠤᠴᠠᠭᠠᠨ ᠤ ᠴᠠᠩ ᠵᠢᠶᠠᠩ ᠲᠤᠤ ᠹᠧᠨ ᠱᠠᠩᠨᠠᠯ ᠬᠦᠷᠲᠡᠭᠴᠢ ᠯᠸᠢ ᠮᠧᠩ ︽ᠨᠠᠮ ᠪᠠ ᠠᠷᠠᠳ ᠲᠦᠮᠡᠨ ᠤ ᠢᠲᠡᠭᠡᠯ ᠢ ᠣᠯᠤᠭᠰᠠᠨ ᠰᠣᠨᠢᠨ ᠮᠡᠳᠡᠭᠡᠨ ᠤ ᠠᠵᠢᠯᠲᠠᠨ ᠪᠤᠯᠤᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ ᠲᠠᠶᠢᠯᠤᠮᠵᠢ ᠬᠢᠪᠠ᠃ ᠬᠤᠲᠠ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠤᠬᠠᠭᠤᠯᠬᠤ ᠬᠡᠯᠲᠡᠰ᠂ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠪᠠ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ 240 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠯᠸᠢ ᠮᠧᠩ ᠥᠪᠡᠷ ᠤᠨ 24 ᠵᠢᠯ ᠤᠨ ᠠᠵᠢᠯ ᠡᠷᠬᠢᠯᠡᠭᠰᠡᠨ ᠲᠤᠷᠰᠢᠯᠭ᠎ᠠ ᠲᠠᠢ ᠪᠠᠨ ᠤᠶᠠᠯᠳᠤᠭᠤᠯᠵᠤ᠂ ᠥᠷᠭᠡᠨ ᠤᠯᠠᠨ ᠰᠣᠨᠢᠨ ᠮᠡᠳᠡᠭᠡᠨ ᠤ ᠠᠵᠢᠯᠲᠠᠳ ᠤᠨ ᠡᠷᠬᠡᠪᠰᠢ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠰᠤᠷᠪᠤᠯᠵᠢᠯᠠᠵᠤ᠂ ᠰᠤᠷᠪᠤᠯᠵᠢᠯᠠᠭ᠎ᠠ ᠶᠢᠨ ᠠᠭᠤᠯᠭ᠎ᠠ ᠶᠢ ᠨᠠᠷᠢᠨ ᠬᠢᠨᠠᠮᠠᠭᠠᠢ ᠪᠣᠳᠣᠯᠬᠢᠯᠠᠵᠤ᠂ ᠬᠦᠯᠢᠶᠡᠨ ᠠᠪᠤᠭᠴᠢᠳ ᠢ ᠤᠨᠤᠪᠴᠢᠲᠠᠢ ᠲᠣᠭᠲᠠᠭᠠᠵᠤ᠂ ᠴᠠᠭ ᠲᠤᠬᠠᠢ ᠳᠤᠨᠢ ᠮᠡᠳᠡᠭᠡᠯᠡᠵᠦ ᠳᠠᠮᠵᠢᠭᠤᠯᠬᠤ ᠶᠢ ᠰᠠᠨᠠᠭᠠᠴᠢᠯᠠᠪᠠ᠃ ᠯᠸᠢ ᠮᠧᠩ ᠬᠡᠯᠡᠬᠦ ᠳᠡᠭᠡᠨ᠂ ᠨᠠᠮ ᠪᠣᠯᠤᠨ ᠠᠷᠠᠳ ᠲᠦᠮᠡᠨ ᠤ ᠢᠲᠡᠭᠡᠯ ᠢ ᠣᠯᠤᠭᠰᠠᠨ ᠰᠣᠨᠢᠨ ᠮᠡᠳᠡᠭᠡᠨ ᠤ ᠠᠵᠢᠯᠲᠠᠨ ᠪᠣᠯᠤᠭᠰᠠᠨ ᠤ ᠬᠤᠪᠢ ᠳᠤ᠂ ᠨᠠᠮ ᠤᠨ ᠲᠥᠷᠥ ᠶᠢᠨ ᠪᠣᠳᠣᠯᠭ᠎ᠠ ᠶᠢᠨ ᠵᠣᠷᠢᠯᠲᠠ ᠶᠢᠨ ᠤᠯᠠᠮᠵᠢᠯᠠᠭᠴᠢ᠂ ᠴᠠᠭ ᠦᠶ᠎ᠡ ᠶᠢᠨ ᠪᠠᠶᠢᠳᠠᠯ ᠢ ᠲᠡᠮᠳᠡᠭᠯᠡᠭᠴᠢ᠂ ᠨᠡᠶᠢᠭᠡᠮ ᠤᠨ ᠳᠠᠪᠰᠢᠯᠲᠠ ᠶᠢᠨ ᠠᠬᠢᠭᠤᠯᠤᠭᠴᠢ᠂ ᠲᠥᠪ ᠭᠤᠤᠯᠴᠢ ᠰᠢᠳᠤᠷᠭᠤ ᠶᠣᠰᠣᠨ ᠤ ᠬᠠᠮᠠᠭᠠᠯᠠᠭᠴᠢ ᠪᠣᠯᠬᠤ ᠶᠢᠨ ᠬᠠᠮᠲᠤ᠂ ᠵᠠᠭᠤᠴᠢᠯᠠᠭᠤᠷ ᠤᠨ ᠠᠭᠤᠰᠤᠯᠴᠠᠨ ᠬᠦᠭᠵᠢᠬᠦ ᠲᠦᠯᠬᠢᠴᠡ ᠬᠦᠴᠦᠨ ᠪᠤᠯᠬᠤ ᠬᠡᠷᠡᠭᠲᠡᠶ ᠭᠡᠪᠡ᠃      ᠪᠣᠯᠪᠠᠰᠤᠷᠠᠯ ᠳᠤ ᠣᠷᠣᠯᠴᠠᠭᠰᠠᠨ ᠰᠤᠷᠪᠤᠯᠵᠢᠯᠠᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠨᠢ ᠲᠡᠳᠡᠨ ᠳᠤ ᠮᠠᠰᠢ ᠶᠡᠭᠡ ᠠᠰᠢᠭ ᠬᠦᠷᠲᠡᠭᠡᠵᠦ᠂ ᠬᠤᠶᠢᠰᠢᠳᠠ ᠶᠢᠨ ᠴᠢᠷᠮᠠᠶᠢᠬᠤ ᠴᠢᠭᠯᠡᠯ ᠢ ᠵᠢᠭᠠᠵᠤ ᠥᠭᠭᠦᠭᠰᠡᠨ ᠪᠠᠶᠢᠨ᠎ᠠ ᠭᠡᠵᠡᠶ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ